ᠴᠡᠷᠢᠭ ᠠᠩᠭᠢ ᠪᠣᠯᠤᠨ ᠣᠷᠣᠨ ᠨᠤᠲᠤᠭ ᠤᠨ ᠡᠷᠭᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠭᠤᠯᠭ᠎ᠠ ᠶᠢ ᠵᠣᠬᠢᠴᠠᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/1/24
      ᠴᠡᠷᠢᠭ ᠠᠩᠭᠢ ᠪᠣᠯᠤᠨ ᠣᠷᠣᠨ ᠨᠤᠲᠤᠭ ᠤᠨ ᠡᠷᠭᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠭᠤᠯᠭ᠎ᠠ ᠶᠢ ᠵᠣᠬᠢᠴᠠᠭᠤᠯᠬᠤ ᠬᠤᠷᠠᠯ ᠬᠢᠭᠰᠡᠨ               12 ᠰᠠᠷ᠎ᠠ ᠶᠢᠨ 27 ᠤ ᠡᠳᠦᠷ᠂ ᠬᠤᠰᠢᠭᠤ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠾᠧ ᠶᠦᠩ ᠴᠢᠩ ᠪᠠᠶᠠᠨᠴᠣᠭᠲᠤ ᠪᠠᠯᠭᠠᠰᠤᠨ ᠳᠤ ᠭᠦᠨᠵᠡᠭᠡᠶᠢᠷᠡᠨ᠂ ᠴᠡᠷᠢᠭ ᠪᠠ ᠣᠷᠣᠨ ᠨᠤᠲᠤᠭ ᠤᠨ ᠡᠷᠭᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠭᠤᠯᠭ᠎ᠠ ᠶᠢᠨ ᠲᠤᠬᠠᠢ ᠵᠣᠬᠢᠴᠠᠭᠤᠯᠬᠤ ᠬᠤᠷᠠᠯ ᠬᠢᠪᠡ᠃ 
C:\Users\q\Desktop\做新闻(1)\做新闻\1月-苏木新闻\1.2.jpg      ᠾᠧ ᠶᠦᠩ ᠴᠢᠩ ᠬᠡᠯᠡᠬᠦ ᠳᠡᠭᠡᠨ᠂ ᠴᠡᠷᠢᠭ ᠠᠩᠭᠢ ᠣᠷᠣᠨ ᠨᠤᠲᠤᠭ ᠤᠨ ᠬᠠᠮᠢᠶᠠᠷᠤᠯᠲᠠ ᠶᠢᠨ ᠠᠵᠢᠯ ᠤᠨ
ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠮᠪᠠᠢ ᠲᠤᠤᠱᠯᠠᠭᠤᠯᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠳᠬᠠᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠠᠮᠢᠶᠠᠲᠠᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠴᠡᠷᠢᠭ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ‌‍ᠠ᠋ᠴᠠ ᠪᠠᠨ ᠵᠢᠷᠤᠮᠯᠠᠨ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠦᠨ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠨ᠎ᠠ᠃ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠡᠳᠦᠷ ᠳᠣᠳᠣᠮ ᠤᠨ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠨᠡᠮᠡᠭᠳᠡᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠰᠠᠭᠤᠭ᠎ᠠ ᠭᠠᠵᠠᠷ ᠤᠨ ᠡᠷᠭᠢᠨ ᠲᠣᠭᠤᠷᠢᠨ ᠤ ᠠᠮᠤᠷ ᠲᠦᠪᠰᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠬᠠᠮᠲᠤᠪᠠᠷ ᠵᠠᠰᠠᠵᠤ ᠬᠠᠮᠲᠤᠪᠠᠷ ᠪᠠᠶᠢᠭᠤᠯᠵᠤ᠂ ᠨᠡᠩ ᠠᠮᠤᠷ ᠲᠦᠪᠰᠢᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ᠃ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠠᠮᠢᠳᠤᠯᠢᠭ ᠢᠶᠠᠷ ᠡᠵᠡᠮᠰᠢᠵᠦ᠂ ᠰᠠᠭᠤᠷᠢᠨ ᠭᠠᠵᠠᠷ ᠲᠤ ᠰᠠᠭᠤᠭ᠎ᠠ ᠪᠣᠯᠪᠠᠰᠣᠷᠠᠭᠤᠯᠤᠯ ᠤᠨ ᠴᠡᠷᠢᠭ ᠠᠩᠭᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠰᠠᠭᠤᠷᠢᠨ ᠭᠠᠵᠠᠷ ᠵᠢᠴᠢ ᠪᠣᠯᠪᠠᠰᠣᠷᠠᠭᠤᠯᠤᠯ ᠳᠤ ᠰᠠᠭᠤᠭ᠎ᠠ ᠴᠡᠷᠢᠭ ᠠᠩᠭᠢ ᠶᠢᠨ ᠠᠵᠢᠯ ᠢ ᠰᠠᠶᠢᠲᠤᠷ ᠪᠠᠲᠤᠯᠠᠬᠤ ᠳᠤ ᠦᠢᠯᠡᠴᠢᠯᠡᠨ᠂ ᠪᠣᠯᠪᠠᠰᠣᠷᠠᠭᠤᠯᠤᠯ ᠤᠨ ᠰᠠᠭᠤᠷᠢᠨ ᠭᠠᠵᠠᠷ ᠤᠨ ᠡᠷᠭᠢᠨ ᠲᠣᠭᠤᠷᠢᠨ ᠤ ᠠᠮᠤᠷ ᠲᠦᠪᠰᠢᠨ ᠪᠣᠯᠤᠨ ᠪᠣᠯᠪᠠᠰᠣᠷᠠᠭᠤᠯᠤᠯ ᠳᠤ ᠰᠠᠭᠤᠭ᠎ᠠ ᠴᠡᠷᠢᠭ ᠠᠩᠭᠢ ᠶᠢᠨ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃        ᠬᠤᠷᠠᠯ ᠤᠨ ᠳᠠᠷᠠᠭ᠎ᠠ᠂ ᠾᠧ ᠶᠦᠩ ᠴᠢᠩ ᠨᠠᠷ ᠮᠠᠯᠴᠢᠳ ᠤᠨ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠨ ᠶᠠᠪᠤᠬᠤ ᠳᠤ᠂ ᠪᠠᠶᠠᠨᠴᠣᠭᠲᠤ ᠪᠠᠯᠭᠠᠰᠤ ᠶᠢᠨ ᠬᠠᠮᠢᠶ᠎ᠠ ᠪᠦᠬᠦᠢ ᠬᠥᠮᠦᠰ ᠪᠠᠷ᠎ᠠ ᠪᠣᠯᠵᠣ ᠪᠠᠶᠢᠯ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2