ᠴᠠᠭᠠᠨᠪᠤᠯᠠᠭ ᠰᠤᠮᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠥᠪᠯᠡᠷᠡᠩᠭᠦᠢ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/1/24
      ᠴᠠᠭᠠᠨᠪᠤᠯᠠᠭ ᠰᠤᠮᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠥᠪᠯᠡᠷᠡᠩᠭᠦᠢ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ                 ᠣᠶᠢᠷ᠎ᠠ ᠳᠤ᠂ ᠴᠠᠭᠠᠨᠪᠤᠯᠠᠭ ᠰᠤᠮᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃       ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠰᠤᠮᠤ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠡ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠡᠯᠪᠡᠭ ᠪᠠᠶᠠᠯᠢᠭ ᠠᠭᠤᠯᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠬᠤᠶᠠᠷ ᠲᠠᠯ᠎ᠠ ᠪᠠᠷ ᠭᠦᠨᠵᠡᠭᠡᠢ ᠣᠶᠢᠯᠠᠭᠠᠮᠵᠢᠲᠠᠢ ᠮᠥᠷᠲᠡᠭᠡᠨ ᠪᠥᠬᠦ ᠲᠠᠯ᠎ᠠ ᠪᠠᠷ ᠰᠢᠰᠲ᠋ᠧᠮ  ᠲᠠᠢ ᠲᠠᠶᠢᠯᠪᠤᠷᠢᠯᠠᠯᠲᠠ ᠬᠢᠭᠰᠡᠨ ᠪᠠᠶᠢᠨ᠎ᠠ᠃        ᠤᠬᠠᠭᠤᠯᠭ᠎ᠠ ᠶᠢᠨ ᠶᠠᠷᠢᠬᠤ ᠶᠢ ᠰᠣᠨᠣᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠰᠠᠨᠠᠯ ᠨᠢᠭᠡᠲᠡᠢ ᠢᠯᠡᠷᠬᠡᠶᠢᠯᠡᠭᠰᠡᠨ ᠨᠢ᠂ ᠣᠳᠣᠬᠠᠨ ᠳᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠳᠤ᠂ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠠᠪᠤᠳᠠᠯ ᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠨ᠂ ᠵᠣᠷᠢᠭ ᠰᠠᠨᠠᠭ᠎ᠠ᠂ ᠨᠢᠭᠡᠳᠦᠯᠲᠡᠢ ᠠᠵᠢᠯᠯᠠᠭ᠎ᠠ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ 《 ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ 》 ᠶᠢ ᠶᠡᠬᠡᠪᠡᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠠᠵᠢᠯ ᠤᠨ ᠰᠤᠷᠲᠠᠯ ᠢ ᠠᠰᠢᠭᠯᠠᠨ᠂ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ ᠰᠤᠷᠭᠠᠯ ᠢ ᠴᠠᠭᠠᠨ ᠪᠤᠯᠠᠭ ᠰᠤᠮᠤ ᠪᠣᠯᠭᠠᠨ ᠬᠤᠪᠢᠷᠠᠭᠤᠯᠵᠤ᠂ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠬᠦ ᠳᠡᠭᠡᠳᠦ ᠬᠡᠮᠵᠢᠶᠡᠨ ᠤ ᠤᠬᠠᠮᠰᠠᠷ ᠪᠣᠯᠤᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ᠎ᠠ ᠃        ᠪᠠᠶᠢᠭᠤᠯᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠰᠣᠩᠭᠤᠨ ᠰᠢᠯᠵᠢᠭᠦᠯᠬᠦ ᠰᠤᠷᠤᠭᠴᠢ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2