ᠵᠢᠢ ᠱᠧᠩ ᠲᠠᠢ ᠪᠠᠯᠭᠠᠰᠤ᠄ ᠳᠠᠭᠠᠭᠠᠴᠢᠯᠠᠨ ᠬᠠᠷᠢᠴᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠥᠳᠡᠭᠡ ᠲᠣᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2024/1/24
      ᠵᠢᠢ ᠱᠧᠩ ᠲᠠᠢ ᠪᠠᠯᠭᠠᠰᠤ᠄ ᠳᠠᠭᠠᠭᠠᠴᠢᠯᠠᠨ ᠬᠠᠷᠢᠴᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠥᠳᠡᠭᠡ ᠲᠣᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠶ᠎ᠡ                1 ᠰᠠᠷ᠎ᠠ ᠶᠢᠨ 3 ᠤ ᠦᠳᠡ ᠶᠢᠨ ᠡᠮᠦᠨ᠎ᠡ᠂ ᠳᠥᠷᠪᠡᠳ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠳᠠᠷᠤᠭ᠎ᠠ ᠢᠦ᠋ᠢ ᠶᠠᠨ ᠫᠢᠩ ᠪᠣᠯᠤᠨ ᠲᠠᠷᠢᠶᠠᠯᠠᠩ ᠤᠨ ᠪᠠᠩᠬᠢ ᠶᠢᠨ ᠳᠥᠷᠪᠡᠳ ᠬᠤᠰᠢᠭᠤᠨ ᠤ ᠰᠠᠯᠪᠤᠷᠢ ᠪᠠᠩᠬᠢ ᠶᠢᠨ ᠳᠠᠷᠤᠭ᠎ᠠ ᠯᠢ ᠵᠣᠨ ᠳ᠋ᠦ᠋ᠩ ᠵᠢᠴᠢ ᠠᠯᠪᠠᠨ ᠭᠡᠷ ᠤᠨ ᠡᠷᠬᠢᠯᠡᠭᠴᠢ ᠵᠡᠷᠭᠡ ᠬᠥᠮᠦᠰ᠂ ᠵᠢᠢ ᠱᠧᠩ ᠲᠠᠢ    ᠪᠠᠯᠭᠠᠰᠤ ᠶᠢᠨ ᠬᠤᠶᠠᠷ ᠬᠤᠳᠳᠤᠭ ᠲᠣᠰᠬᠤᠨ ᠳᠤ ᠭᠦᠨᠵᠡᠭᠡᠶᠢᠷᠡᠨ ᠨᠠᠮ ᠤᠨ ᠡᠳᠦᠷ ᠤᠨ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠬᠤᠶᠠᠷ ᠬᠤᠳᠳᠤᠭ ᠲᠣᠰᠬᠤᠨ ᠳᠤ ᠺᠣᠮᠫᠢᠦ᠋ᠲ᠋ᠧᠷ᠂ ᠦᠰᠦᠭ ᠴᠣᠬᠢᠬᠤ ᠮᠠᠰᠢᠨ ᠵᠡᠷᠭᠡ ᠠᠯᠪᠠᠨ ᠬᠡᠷᠡᠭᠰᠡᠯ ᠬᠦᠷᠭᠡᠵᠦ᠂ ᠲᠣᠰᠬᠤᠨ ᠤ ᠠᠯᠪᠠᠯᠠᠬᠤ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠭᠦᠯᠦᠭᠰᠡᠨ᠋‌‍ᠡᠴᠡ ᠭᠠᠳᠠᠨ᠎ᠠ᠂ ᠪᠠᠰᠠ᠂ ᠬᠠ ᠶᠠᠨ ᠬᠤᠳᠳᠤᠭ ᠲᠣᠰᠬᠤᠨ ᠤ ᠨᠠᠮ ᠤᠨ ᠭᠡᠰᠢᠭᠦᠳ ᠲᠤ ᠴᠠᠬᠢᠯᠭᠠᠨ ᠳᠡᠪᠦᠷ᠎ᠡ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠪᠠᠰᠠ ᠰᠢᠨ᠎ᠡ ᠵᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠢᠶᠠᠨ ᠬᠦᠷᠭᠡᠵᠦ ᠥᠭᠴᠡᠢ᠃ 
C:\Users\q\Desktop\做新闻(1)\做新闻\1月-苏木新闻\1.6.jpg      ᠠᠵᠢᠯᠯᠠᠭ᠎ᠠ ᠶᠢᠨ ᠳᠤᠮᠳᠠ᠂ ᠪᠤᠭᠤᠲᠤ ᠶᠢᠨ ᠬᠤᠯᠪᠣᠭᠠᠲᠤ ᠪᠠᠶᠢᠭᠤᠯᠤᠯᠭ᠎ᠠ ᠶᠢᠨ ᠰᠠᠶᠢᠨ ᠳᠤᠷᠠᠴᠤᠳ ᠪᠣᠯᠤᠨ
ᠪᠠᠶᠠᠨ ᠬᠤᠳᠳᠤᠭ ᠲᠣᠰᠬᠤᠨ ᠤ ᠠᠵᠢᠯᠲᠠᠳ ᠲᠣᠰᠬᠤᠨ ᠤ ᠵᠠᠮ ᠤᠨ ᠴᠠᠰᠤ ᠶᠢ ᠴᠡᠪᠡᠷᠯᠡᠵᠦ᠂ ᠲᠣᠰᠬᠤᠨ ᠤ ᠠᠷᠠᠳ ᠤᠨ ᠠᠮᠤᠷ ᠲᠦᠪᠰᠢᠨ ᠠᠶᠠᠯᠠᠬᠤ ᠳᠤ ᠳᠥᠭᠦᠮ ᠲᠦᠳᠡ ᠨᠥᠬᠦᠴᠡᠯ ᠬᠠᠩᠭᠠᠵᠠᠢ᠃       ᠬᠤᠶᠠᠷ᠂ ᠲᠣᠰᠬᠤᠨ ᠤ ᠨᠠᠮ ᠤᠨ ᠡᠭᠦᠷ ᠤᠨ ᠱᠦᠵᠢ᠂ ᠱᠦᠵᠢ ᠴᠦ᠋ ᠭᠧᠨ ᠬᠠᠢ᠂ ᠳᠥᠷᠪᠡᠳ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠪᠣᠯᠤᠨ ᠲᠠᠷᠢᠶᠠᠯᠠᠩ ᠤᠨ ᠪᠠᠩᠬᠢ ᠶᠢᠨ ᠳᠥᠷᠪᠡᠳ ᠬᠤᠰᠢᠭᠤᠨ ᠤ ᠰᠠᠯᠪᠤᠷᠢ ᠪᠠᠩᠬᠢ ᠶᠢᠨ ᠨᠠᠮ ᠤᠨ ᠡᠭᠦᠷ ᠦᠨᠳᠦᠰᠦᠨ ᠱᠠᠲᠤᠨ ᠳᠤ ᠬᠠᠷᠢᠯᠴᠠᠬᠤ᠂ ᠠᠵᠢᠯ ᠲᠥᠷᠥᠯ ᠢᠶᠠᠷ ᠬᠠᠪᠰᠤᠷᠤᠨ ᠳᠡᠮᠵᠢᠬᠦ᠂ ᠦᠢᠯᠡᠳᠦᠯᠭᠡ ᠶᠢᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠳᠡᠮᠵᠢᠯᠭᠡ ᠦᠵᠡᠭᠦᠯᠬᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠭᠰᠡᠨ ᠪᠠᠶᠢᠨ᠎ᠠ᠂ ᠲᠣᠰᠬᠤᠨ ᠤ ᠬᠢᠨ ᠡᠳᠡᠭᠡᠷ ᠠᠯᠪᠠᠯᠠᠬᠤ ᠲᠥᠬᠦᠭᠡᠷᠦᠮᠵᠢ ᠶᠢ ᠭᠦᠢᠴᠡᠳ ᠠᠰᠢᠭᠯᠠᠵᠤ᠂ ᠬᠠᠷᠢᠶᠠᠲᠤ ᠲᠣᠭᠤᠷᠢᠭ ᠤᠨ ᠲᠣᠰᠬᠤᠨ ᠤ ᠠᠷᠠᠳ ᠲᠤ ᠨᠡᠩ ᠰᠠᠶᠢᠨ ᠨᠡᠩ ᠰᠠᠶᠢᠨ ᠨᠡᠩ ᠰᠠᠶᠢᠨ ᠦᠢᠯᠡᠴᠢᠯᠡᠭᠡ ᠬᠠᠩᠭᠠᠬᠤ ᠪᠣᠯᠤᠨ᠎ᠠ ᠭᠡᠵᠦ ᠢᠯᠡᠳᠬᠡᠪᠡ᠃       ᠢᠦᠢ ᠶᠠᠨ ᠫᠢᠩ ᠲᠣᠪᠴᠢᠶᠠᠨ ᠳᠠᠷᠤᠭ᠎ᠠ ᠪᠣᠯᠤᠨ ᠯᠢ ᠵᠧᠨ ᠳ᠋ᠦ᠋ᠩ ᠪᠠᠩᠬᠢ ᠶᠢᠨ ᠳᠠᠷᠤᠭ᠎ᠠ ᠨᠠᠷ᠄ ᠬᠤᠶᠢᠰᠢᠳᠠ ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ ᠠᠵᠢᠯ ᠤᠨ ᠳᠤᠮᠳᠠ᠂ ᠪᠤᠭᠤᠲᠤ ᠶᠢᠨ ᠬᠤᠯᠪᠣᠭᠠᠨ ᠤ ᠪᠠᠶᠢᠭᠤᠯᠤᠯᠭ᠎ᠠ ᠶᠢᠨ ᠦᠢᠯᠡᠳᠦᠯ ᠢ ᠦᠷᠭᠦᠯᠵᠢᠯᠡᠨ ᠭᠦᠢᠴᠡᠳ ᠪᠠᠳᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠠᠪᠰᠤᠷᠤᠨ ᠲᠡᠳᠬᠦᠬᠦ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠬᠠᠮᠠᠭᠠᠳᠤ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠨᠠᠷ ᠴᠢᠨᠰᠠᠭ᠎ᠠ ᠶᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠨ᠎ᠠ ᠭᠡᠪᠡ᠃        ᠡᠭᠦᠨ ᠤ ᠬᠠᠮᠲᠤ ᠲᠣᠰᠬᠤᠨ ᠤ ᠠᠷᠠᠳ ᠤᠨ ᠵᠥᠪᠯᠡᠯ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠠᠷᠠᠳ ᠤᠨ ᠵᠥᠪᠯᠡᠯ ᠤᠨ ᠡᠯ᠎ᠡ ᠵᠦᠢᠯ ᠤᠨ ᠠᠵᠢᠯ ᠢ ᠳᠡᠮᠵᠢᠵᠦ᠂ ᠨᠠᠮ ᠤᠨ ᠭᠡᠰᠢᠭᠦᠨ ᠺᠠᠳ᠋ᠷ ᠤᠨ ᠣᠯᠠᠨ ᠲᠦᠮᠡᠨ ᠳᠤ ᠦᠢᠯᠡᠴᠢᠯᠡᠬᠦ ᠶᠠᠪᠤᠴᠠ ᠳᠠᠬᠢ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2