ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠲᠦᠷᠦ ᠶᠢᠨ ᠶᠠᠪᠤᠳᠠᠯ ᠤᠨ ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ | ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 4 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 1 ᠰᠠᠷ᠎ᠠ ᠶᠢᠨ 4 ᠤ ᠡᠳᠦᠷ ᠪᠦᠬᠦᠯᠢ ᠡᠳᠦᠷ ᠢᠶᠠᠷ ᠬᠤᠷᠠᠯ | ᠬᠤᠷᠠᠯᠳᠤᠭᠤᠯᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶ᠋ᠢᠩᠭᠤ ᠶᠢᠨ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶ᠋ᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ | ᠮᠡᠳᠡᠭᠦᠯᠦᠯᠲᠡ ᠶᠢ ᠰᠣᠨᠣᠰᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ | ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ | ᠬᠤᠷᠠᠯ ᠠᠴᠠ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠵᠢᠯ | ᠪᠦᠷᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ | ᠠᠷᠠᠳ ᠤᠨ ᠳᠡᠭᠡᠳᠦ ᠪᠠᠶ᠋ᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ | ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠲᠤᠰᠬᠠᠶᠢᠯᠠᠨ ᠰᠣᠨᠣᠰᠳᠠᠭ᠂ | ᠡᠨᠡ ᠪᠣᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠳᠦᠷᠢᠮ ᠤᠨ | ᠲᠣᠬᠢᠷᠠᠭᠤᠯᠤᠯᠲᠠ ᠪᠣᠯᠣᠨ᠎ᠠ᠃ ᠡᠨᠡ ᠬᠦ ᠳᠦᠷᠢᠮ ᠤᠨ ᠲᠣᠬᠢᠷᠠᠭᠤᠯᠤᠯᠲᠠ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ | ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠬᠤ ᠳᠤ ᠠᠰᠢᠭᠲᠠᠢ᠂ ᠨᠠᠮ ᠤᠨ ᠪᠦᠯᠬᠦᠮᠳᠡᠯ ᠨᠢᠭᠡᠳᠦᠯ ᠪᠣᠯᠣᠨ ᠬᠦᠴᠦᠷᠬᠡᠭ ᠶᠡᠭᠡ | ᠳᠠᠶᠢᠴᠢᠨ ᠬᠦᠴᠦᠨ ᠢ ᠪᠠᠲᠤᠯᠠᠬᠤ ᠳᠤ ᠠᠰᠢᠭᠲᠠᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠰᠢᠭᠲᠠᠢ ᠭᠡᠳᠡᠭ ᠢ ᠦᠢᠯᠡᠳᠦᠯᠭᠡ ᠭᠡᠷᠡᠴᠢᠯᠡᠪᠡ᠃ ᠡᠨᠡ ᠤᠳᠠᠭ᠎ᠠ ᠶᠢᠨ | ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠷᠠᠭ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠠᠩᠬ᠎ᠠ ᠤᠳᠠᠭ᠎ᠠ 5 ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ | ᠬᠠᠷᠢᠭᠤ ᠮᠡᠳᠡᠭᠦᠯᠦᠯᠲᠡ ᠪᠣᠯᠣᠨ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ | ᠶᠠᠪᠤᠳᠠᠯ ᠪᠠᠶᠢᠵᠦ᠂ ᠵᠣᠷᠢᠯᠭ᠎ᠠ ᠳᠠᠷᠤᠢ ᠡᠨᠡ ᠬᠦ᠋ ᠳᠦᠷᠢᠮ ᠢ ᠰᠠᠶᠢᠳᠤᠷ ᠪᠠᠷᠢᠮᠲᠠᠯᠠᠵᠤ᠂ ᠰᠠᠶᠢᠳᠤᠷ | ᠲᠡᠭᠦᠯᠳᠡᠷᠵᠢᠭᠦᠯᠬᠦ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ | ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠡᠷᠡᠰ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠣᠨ ᠤᠯᠤᠰ ᠤᠨ ᠠᠵᠢᠯ ᠤᠨ ᠪᠦᠭᠦ ᠲᠠᠯ᠎ᠠ ᠶᠢᠨ ᠲᠣᠭᠤᠷᠢᠨ ᠳᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠳᠤᠷᠢᠳᠬᠤ ᠳᠤᠭᠤᠶ᠋ᠢᠯᠠᠩ ᠤᠨ ᠲᠤᠰ ᠪᠡᠶ᠎ᠡ ᠶᠢᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ | ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠡᠯ᠎ᠡ ᠲᠠᠯ᠎ᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ | ᠭᠡᠵᠦ ᠦᠵᠡᠪᠡ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠰᠢᠨ᠎ᠡ ᠨᠢᠭᠡ ᠬᠤᠭᠤᠴᠠᠭᠠᠨ ᠤ ᠲᠥᠪ ᠤᠨ ᠱᠦᠵᠢ ᠨᠠᠷ ᠤᠨ ᠭᠠᠵᠠᠷ | ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨᠴᠢ | ᠪᠦᠯᠭᠦᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠢᠯᠤᠭᠤᠳᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ | ᠠᠵᠢᠯ ᠬᠢᠪᠡ ᠭᠡᠵᠦ ᠦᠵᠡᠪᠡ᠃ | ᠬᠤᠷᠠᠯ ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠮᠥᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠤᠶᠢᠯᠭᠠᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ | ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠡᠨᠡ ᠬᠦ᠋ ᠬᠠᠮᠤᠭ ᠤᠨ ᠶᠡᠭᠡ ᠤᠯᠤᠰ ᠲᠦᠷᠦ ᠲᠠᠢ ᠨᠢᠭᠲᠠ ᠤᠶᠠᠯᠳᠤᠭᠤᠯᠤᠨ᠂ ᠤᠭ | ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠤᠷᠤᠭᠰᠢᠯᠠᠨ | ᠲᠠᠪᠰᠢᠵᠤ᠂ ᠵᠣᠷᠢᠭᠲᠠᠢ ᠪᠠᠷ ᠬᠢᠵᠦ ᠴᠢᠳᠠᠮᠠᠭᠠᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠵᠢᠯᠣᠭᠤᠳᠤᠯᠭ᠎ᠠ | ᠳᠣᠣᠷ᠎ᠠ ᠨᠠᠶᠢᠷᠠᠯ ᠬᠥᠭᠵᠢᠮ ᠢ ᠪᠦᠷᠢᠯᠳᠦᠭᠦᠯᠵᠦ᠂ ︽ ᠪᠤᠲᠠᠲᠠᠶᠢᠵᠢᠭᠤᠯᠬᠤ︾ ᠪᠠᠷ ᠭᠤᠣᠯᠳᠠᠭᠤᠯᠵᠤ ᠨᠠᠮ ᠤᠨ | ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠨᠢᠭᠡ ᠵᠢᠯ ᠳᠤ᠂ ᠲᠥᠪ ᠤᠨ ᠱᠦᠵᠢ ᠨᠠᠷ ᠤᠨ ᠭᠠᠵᠠᠷ ᠤᠨ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠤᠯᠤᠰ ᠲᠦᠷᠦ ᠶᠢᠨ | ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠡᠷᠡᠭ | ᠶᠠᠪᠤᠳᠠᠯ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢ ᠳᠤᠪᠤᠶᠢᠯᠭᠠᠵᠦ᠂ ᠨᠠᠶᠢᠳᠠᠪᠤᠷᠢᠵᠢᠭᠤᠯᠬᠤ ᠶᠢ | ᠰᠠᠶᠢᠳᠤᠷ ᠠᠳᠬᠤᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ | ᠰᠠᠶᠢᠳᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠳᠡᠪᠰᠢᠭᠦᠯᠦᠭᠴᠢ᠄ ᠲᠡᠷᠭᠡᠯ | | | |