ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠡᠯᠴᠢᠬᠡᠷᠯᠡᠬᠦᠯᠬᠦ ᠶᠢ ᠴᠠᠭᠠᠵᠠᠯᠠᠬᠤ ᠪᠠ ᠮᠠᠯ ᠪᠡᠯᠴᠢᠬᠡᠷ ᠢ ᠲᠠᠩᠴᠡᠬᠦᠷᠢ ᠲᠠᠢ ᠪᠠᠶᠢᠯᠭᠠᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/1/3
      ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠡᠯᠴᠢᠬᠡᠷᠯᠡᠬᠦᠯᠬᠦ ᠶᠢ ᠴᠠᠭᠠᠵᠠᠯᠠᠬᠤ ᠪᠠ ᠮᠠᠯ ᠪᠡᠯᠴᠢᠬᠡᠷ ᠢ ᠲᠠᠩᠴᠡᠬᠦᠷᠢ ᠲᠠᠢ ᠪᠠᠶᠢᠯᠭᠠᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ       ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠠᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠬᠦ ᠶᠢᠨ ᠲᠤᠯᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠦ ᠰᠡᠯᠬᠦᠬᠡᠨ ᠮᠠᠯᠵᠢᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠶ ᠰᠢᠭᠤᠶ ᠪᠠ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠡᠳᠦᠭᠡ ᠬᠤᠯᠪᠣᠭᠳᠠᠯ ᠪᠥᠬᠦᠶ ᠵᠤᠶᠢᠯᠠᠰ ᠢ ᠲᠤᠤᠷ᠎ᠠ ᠮᠡᠳᠡᠭᠳᠡᠶ᠎ᠠ᠄ᠨᠢᠭᠡ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠬᠠᠷᠢᠶ᠎ᠠ ᠣᠷᠣᠨ ᠤ ᠪᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠦ ᠰᠡᠯᠬᠦᠬᠡᠨ ᠮᠠᠯᠵᠢᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠶ ᠰᠢᠭᠤᠶ᠂ ᠡᠪᠡᠰᠦ ᠪᠡᠯᠴᠢᠭᠡᠷ ᠢ ᠡᠪᠳᠡᠬᠦ ᠵᠡᠷᠭᠡ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠡᠯ᠎ᠡ ᠵᠤᠶᠢᠯ ᠤᠨ ᠬᠠᠤᠯᠢ ᠠᠴᠠ ᠵᠥᠷᠢᠴᠡᠭᠰᠡᠨ ᠤᠶᠢᠯᠠ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠤᠮᠤ ᠰᠢᠶᠠᠩ ᠪᠠᠯᠭᠠᠰᠤ ᠲᠠᠯᠠᠪᠠᠶ ᠶᠢᠨ ᠬᠠᠤᠯᠢ ᠬᠡᠷᠡᠭᠵᠢᠭᠦᠯᠦᠨ ᠰᠢᠢᠳᠪᠦᠷᠢᠯᠡᠬᠦ ᠶᠢ ᠥᠯᠥ ᠬᠦᠯᠢᠶᠡᠬᠦ ᠨᠢᠭᠡᠴᠡ ᠪᠠ ᠬᠤᠪᠢ ᠬᠥᠮᠦᠨ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠬᠠᠤᠯᠢ ᠶᠣᠰᠣᠭᠠᠷ ᠰᠢᠢᠳᠪᠦᠷᠢᠯᠡᠨ᠎ᠡ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠬᠠᠭᠤᠯᠤᠨ ᠬᠦᠮᠦᠵᠢᠬᠦᠯᠬᠦ ᠡᠷᠴᠢᠮ ᠢᠶᠠᠨ ᠨᠡᠮᠡᠭᠳᠡᠭᠦᠯᠦᠨ᠂ ᠥᠷᠭᠡᠨ ᠤᠯᠠᠨ ᠲᠦᠮᠡᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃       ᠬᠤᠶᠠᠷ᠂ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠪᠣᠯ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠭᠤᠤᠯ ᠬᠠᠷᠢᠭᠤᠴᠠᠯᠭᠠᠳᠦ ᠴᠣᠭᠴᠠ ᠪᠠᠶᠢᠵᠤ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠠᠴᠠ ᠬᠠᠷᠢᠭᠤᠴᠠᠬᠤ ᠲᠦᠷᠢᠮ ᠢ ᠬᠡᠷᠡᠭᠵᠢᠬᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠨᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠤ ᠪᠠᠨ ᠬᠦᠴᠦᠨ ᠴᠢᠳᠠᠯ ᠢᠶᠠᠨ ᠴᠢᠩᠭᠠᠳᠬᠠᠵᠤ᠂ ᠡᠭᠦᠨ ᠤ ᠬᠠᠮᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠬᠠᠮᠢᠶᠠᠷᠤᠨ ᠬᠠᠮᠠᠭᠠᠯᠠᠬᠤ ᠡᠭᠦᠷᠭᠡ ᠶᠢ ᠭᠠᠴᠠᠭ᠎ᠠ ᠲᠣᠰᠬᠤᠨ ᠢ ᠲᠠᠭᠠᠭᠠᠴᠢᠯᠠᠵᠦ ᠠᠪᠤᠭᠰᠠᠨ ᠺᠠᠳ᠋ᠷ ᠠᠵᠢᠯᠳᠠᠨ ᠪᠣᠯᠤᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠳᠤ ᠨᠠᠶᠢᠳᠠᠪᠤᠷᠢᠵᠢᠭᠤᠯᠵᠤ᠂ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠡᠭᠦᠷᠭᠡ ᠪᠠᠨ ᠬᠢᠨᠠᠮᠠᠭᠠᠶ ᠭᠦᠢᠴᠡᠳᠬᠡᠵᠦ᠂ ᠳᠠᠭᠠᠭᠠᠴᠠ ᠠᠴᠠ ᠬᠡᠳᠦᠷᠡᠳᠡᠯ᠎ᠡ ᠮᠠᠯ ᠬᠠᠷᠢᠭᠤᠯᠬᠤ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠷᠤᠨ ᠳᠤ ᠲᠡᠵᠢᠭᠡᠨ ᠮᠠᠯᠵᠢᠬᠤ ᠡᠷᠥᠭᠡ ᠶᠢ ᠴᠠᠭ ᠲᠤᠬᠠᠶ ᠲᠤᠨᠢ ᠳᠡᠭᠡᠭᠰᠢ ᠮᠡᠳᠡᠭᠦᠯᠵᠦ᠂ ᠡᠯ᠎ᠡ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠨᠤᠭᠤᠳ ᠴᠠᠭ ᠲᠤᠬᠠᠶ ᠲᠤᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃  ᠭᠤᠷᠪᠠ᠂ ᠬᠤᠰᠢᠭᠤᠨ ᠤ ᠨᠠᠮ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠲᠠᠰᠤᠭ ᠪᠤᠯᠤᠨ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ ᠠᠴᠠ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢᠨ ᠠᠵᠢᠯ ᠢ ᠱᠠᠯᠠᠪᠳᠠᠭᠤᠯᠤᠨ ᠪᠠᠶᠢᠴᠠᠭᠠᠨ᠎ᠠ᠃ᠳᠥᠷᠪᠡ᠂ ᠲᠠᠷᠢᠶᠠᠯᠠᠬᠤ ᠣᠷᠣᠨ ᠤ ᠡᠯ᠎ᠡ ᠰᠢᠶᠠᠩ ᠪᠠᠯᠭᠠᠰᠤ ᠨᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠤᠷᠤᠨ ᠪᠤᠯᠬᠤ ᠡᠰᠡᠬᠦ ᠥᠬᠡᠶ ᠴᠥᠮ ᠪᠡᠯᠴᠢᠭᠡᠷᠯᠡᠭᠦᠯᠬᠦ ᠶᠢ ᠴᠠᠭᠠᠵᠠᠯᠠᠵᠦ᠂ ᠬᠠᠰᠢᠶᠠᠯᠠᠨ ᠲᠡᠵᠢᠭᠡᠬᠦ ᠶᠢ ᠬᠡᠷᠡᠭᠵᠢᠬᠦᠯᠦᠨ᠎ᠡ᠃ ᠲᠠᠪᠤ᠂ ᠮᠠᠯᠵᠢᠬᠤ ᠣᠷᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠣᠷᠣᠨ ︵ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢᠯᠡᠨ ᠱᠠᠩᠨᠠᠬᠤ ᠲᠥᠷᠥ ᠶᠢᠨ ᠪᠤᠳᠤᠯᠭ᠎ᠠ ᠶᠢᠨ ᠬᠡᠷᠡᠭᠵᠢᠬᠦᠯᠦᠯᠳᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠡᠯᠡᠰᠦᠨ ᠤ ᠡᠬᠢ ᠶᠢ ᠵᠠᠰᠠᠬᠤ ᠠᠮᠢ ᠠᠬᠤᠶ ᠶᠢᠨ ᠬᠠᠰᠢᠶᠠᠯᠠᠬᠤ ᠣᠷᠣᠨ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠣᠷᠣᠨ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠣᠷᠣᠨ᠂ ᠭᠤᠤᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ ᠶᠢᠨ ᠲᠥᠷᠥᠯ ᠵᠤᠶᠢᠯ ᠤᠨ ᠣᠷᠣᠨ᠂ ᠤᠰᠤᠨ ᠤ ᠬᠠᠮᠠᠭᠠᠯᠠᠯᠲᠠ ᠶᠢᠨ ᠵᠠᠰᠠᠯᠳᠠ ᠶᠢᠨ ᠣᠷᠣᠨ᠂ ᠬᠥᠮᠦᠨ ᠤ ᠬᠦᠴᠦ ᠪᠠᠷ ᠣᠶᠢᠵᠢᠭᠤᠯᠬᠤ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠬᠡ ᠪᠠᠭᠳᠠᠨ᠎ᠠ︶ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠬᠦᠯᠦᠨ᠎ᠠ᠃ ᠪᠤᠰᠤᠳ ᠨᠤᠲᠤᠭ ᠪᠡᠯᠴᠢᠭᠡᠷ ᠲᠤ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠬᠡᠷᠡᠭᠵᠢᠬᠦᠯᠦᠨ᠎ᠡ᠃ᠵᠢᠷᠭᠤᠭ᠎ᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠳᠠᠭᠠᠭᠠᠴᠠ ᠠᠴᠠ ᠭᠡᠳᠦᠷᠡᠳᠡᠯ᠎ᠡ ᠪᠡᠯᠴᠢᠬᠡᠷᠯᠡᠬᠦᠯᠦᠭᠰᠡᠨ ᠨᠤᠷᠮ᠎ᠠ ᠨᠢ ᠵᠠᠭᠤᠨ ᠤ ᠠᠷᠪᠠ ᠠᠴᠠ ᠲᠠᠪᠠᠭᠰᠠᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠤᠳᠠᠭ᠎ᠠ ᠪᠡᠯᠴᠢᠭᠡᠷᠯᠡᠭᠦᠯᠦᠭᠰᠡᠨ ᠪᠠᠶᠢᠪᠠᠯ᠂ ᠲᠤᠬᠠᠶ ᠶᠢᠨ ᠵᠢᠯ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢᠯᠡᠨ ᠱᠠᠩᠨᠠᠬᠤ ᠵᠤᠭᠤᠰᠤᠨ ᠠᠴᠠ ᠬᠠᠰᠤᠵᠦ ᠲᠤᠷᠭᠠᠨ᠎ᠠ᠃ ᠲᠤᠯᠤᠭ᠎ᠠ᠂ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠳ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠭᠳᠠᠭᠰᠠᠨ ᠬᠤᠭᠤᠴᠠᠭᠠᠨ ᠲᠤᠳᠤᠷ᠎ᠠ ᠴᠡᠭᠴᠡᠯᠡᠨ ᠵᠠᠰᠠᠭᠤᠯᠤᠨ᠎ᠠ᠃ ᠲᠤᠭᠳᠠᠭᠰᠠᠨ ᠬᠤᠭᠤᠴᠠᠭᠠᠨ ᠲᠤᠳᠤᠷ᠎ᠠ ᠵᠠᠯᠠᠷᠠᠭᠤᠯᠬᠤ ᠥᠬᠡᠶ ᠪᠠᠶᠢᠪᠠᠯ᠂ ᠬᠡᠮᠵᠢᠶᠠᠨ ᠠᠴᠠ ᠬᠡᠲᠦᠷᠡᠭᠰᠡᠨ ᠬᠤᠨᠢ ᠪᠠᠷ ᠨᠢᠬᠡᠴᠢ ᠪᠤᠯᠭᠠᠨ ᠨᠢᠬᠡᠪᠦᠷᠢ 100 ᠲᠥᠭᠦᠷᠢᠭ ᠢᠶᠠᠷ ᠲᠤᠷᠭᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠤᠶᠤ ᠰᠡᠯᠬᠦᠬᠡᠨ ᠮᠠᠯᠵᠢᠬᠤ ᠬᠤᠭᠤᠴᠠᠭᠠᠨ ᠳᠤ ᠮᠠᠯ ᠬᠠᠷᠢᠭᠤᠯᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠰᠠᠭᠤᠯᠵᠦ᠂ ᠬᠠᠤᠯᠢ ᠠᠴᠠ ᠵᠥᠷᠢᠴᠡᠨ  ᠬᠠᠷᠢᠭᠤᠯᠤᠭᠰᠠᠨ ᠬᠤᠨᠢ ᠪᠠᠷ ᠨᠢᠬᠡᠴᠢ ᠪᠤᠯᠭᠠᠨ ᠨᠢᠬᠡᠪᠦᠷᠢ 120 ᠲᠥᠭᠦᠷᠢᠭ ᠲᠤᠷᠭᠠᠨ᠎ᠠ᠃ ᠨᠠᠢᠮᠠ᠂ ᠪᠡᠯᠴᠢᠭᠡᠷᠯᠡᠭᠦᠯᠬᠦ ᠶᠢ ᠴᠠᠭᠠᠵᠠᠯᠠᠵᠦ ᠰᠡᠯᠬᠦᠬᠡᠨ ᠮᠠᠯᠵᠢᠬᠤ ᠫᠠᠶᠢᠰᠠ ᠲᠡᠮᠳᠡᠭ ᠢ ᠡᠪᠳᠡᠵᠦ ᠰᠢᠯᠵᠢᠬᠦᠯᠦᠭᠰᠡᠳ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠵᠥᠷᠢᠴᠡᠭᠰᠡᠨ ᠥᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭᠠᠨ ᠲᠤᠳᠤᠷ᠎ᠠ ᠤᠤᠯ ᠪᠠᠶᠢᠳᠠᠯ ᠢ ᠨᠢ ᠰᠡᠷᠬᠦᠬᠡᠯᠬᠡᠨ᠎ᠡ᠃   ᠲᠤᠭᠳᠠᠭᠰᠠᠨ ᠬᠤᠭᠤᠴᠠᠭᠠᠨ ᠲᠤᠳᠤᠷ᠎ᠠ ᠰᠡᠷᠬᠦᠬᠡᠬᠦ ᠦᠭᠡᠢ ᠪᠤᠯ᠂ ᠡᠪᠳᠡᠭᠳᠡᠭᠰᠡᠨ ᠲᠥᠬᠦᠭᠡᠷᠦᠮᠵᠢ ᠶᠢᠨ ᠤᠤᠯ ᠤᠨ ᠦᠷᠳᠡᠭ ᠤᠨ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠤᠷᠭᠠᠨ᠎ᠠ᠃ ᠶᠢᠰᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠰᠤᠮᠤ ᠰᠢᠶᠠᠩ ᠪᠠᠯᠭᠠᠰᠤ ᠯᠤᠭ᠎ᠠ ᠪᠥᠬᠦ ᠬᠦᠴᠦᠨ ᠢᠶᠠᠷ ᠢᠶᠠᠨ ᠬᠠᠮᠵᠢᠯᠴᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠰᠦᠷᠳᠡᠭᠦᠯᠬᠦ᠂ ᠬᠠᠷᠰᠢᠯᠠᠬᠤ᠂ ᠵᠣᠳᠣᠬᠤ᠂ ᠦᠰᠢᠶ᠎ᠠ ᠠᠪᠬᠤ ᠵᠡᠷᠬᠡ ᠪᠠᠶᠢᠳᠠᠯ ᠢ ᠴᠠᠭ ᠲᠤᠬᠠᠶ ᠳᠤᠨᠢ ᠵᠤᠭᠰᠤᠭᠠᠵᠦ᠂ ︽ᠪᠦᠬᠦᠳᠠ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠲᠤᠷᠭᠠᠭᠤᠯᠢ ᠶᠢᠨ ᠠᠷᠭ᠎ᠠ︾ ᠶᠢᠨ ᠬᠠᠮᠢᠶ᠎ᠠ ᠪᠦᠬᠦᠢ ᠲᠤᠭᠳᠠᠭᠠᠯ ᠤᠨ ᠶᠤᠰᠤᠭᠠᠷ ᠴᠢᠩᠭ᠎ᠠ ᠵᠠᠯᠬᠠᠭᠠᠨ ᠰᠢᠳᠬᠡᠵᠦ᠂ ᠶᠠᠯᠠᠳᠦ ᠠᠵᠢᠯᠯᠠᠭ᠎ᠠ ᠳᠤ ᠲᠤᠭᠠᠴᠠᠭᠳᠠᠪᠠᠯ᠂ ᠬᠠᠤᠯᠢ ᠴᠠᠭᠠᠵᠠ ᠶᠢᠨ ᠰᠠᠯᠠᠭ᠎ᠠ ᠮᠦᠴᠢᠷ ᠲᠤ ᠬᠠᠤᠯᠢ ᠶᠤᠰᠤᠭᠠᠷ ᠰᠢᠯᠵᠢᠬᠦᠯᠦᠨ ᠲᠤᠰᠢᠶᠠᠵᠦ ᠡᠷᠡᠬᠦᠦ  ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠰᠢᠭᠦᠬᠦ ᠬᠤᠷᠢᠶ᠎ᠠ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠳᠤᠮᠳᠠ ᠡᠭᠦᠰᠦᠭᠰᠡᠨ ᠡᠯ᠎ᠡ ᠲᠥᠷᠥᠯ ᠤᠨ ᠬᠡᠷᠡᠭ ᠢ ᠴᠠᠭ ᠲᠤᠬᠠᠶ ᠳᠤᠨᠢ ᠰᠢᠭᠦᠨ ᠰᠢᠢᠳᠪᠦᠷᠢᠯᠡᠬᠦ ᠬᠡᠷᠡᠭᠲᠡᠶ᠃ᠠᠷᠪᠠ᠂ ᠲᠤᠰ ᠮᠡᠳᠡᠭᠳᠡᠯ ᠢ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃               ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ           2022 ᠣᠨ ᠤ 4 ᠰᠠᠷ᠎ᠠ ᠶᠢᠨ 1 ᠤ ᠡᠳᠦᠷ 
 
ᠢᠷᠡᠯᠲᠡ᠄ ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2