ᠵᠢᠶᠠ ᠰᠢᠶᠣᠤ ᠫᠢᠩ
ᠨᠡᠶᠢᠲᠡᠯᠡᠭᠰᠡᠨ ᠴᠠᠭ᠄
2024/1/5
      ᠵᠢᠶᠠ ᠰᠢᠶᠣᠤ ᠫᠢᠩ           ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠶᠠᠪᠤᠳᠠᠯ ᠤᠨ ᠳᠡᠳ᠋ ᠬᠤᠰᠢᠭᠤ ᠳᠠᠷᠤᠭ᠎ᠠ      ᠬᠤᠪᠢ ᠬᠥᠮᠦᠨ ᠤ ᠲᠣᠪᠴᠢ ᠲᠠᠨᠢᠯᠴᠠᠭᠤᠯᠭ᠎ᠠ      ᠵᠢᠶᠠ ᠰᠢᠶᠣᠤ ᠫᠢᠩ ᠡᠷᠡᠭᠲᠡᠢ᠂  ᠬᠢᠲᠠᠳ ᠦᠨᠳᠦᠰᠦᠲᠡᠨ᠂  1977 ᠣᠨ ᠤ 2 ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ᠣᠳᠣ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠠᠵᠢᠯᠯᠠᠵᠤ ᠪᠠᠶᠢᠨ᠎ᠠ᠃      ᠠᠵᠢᠯ ᠢᠶᠠᠨ ᠬᠤᠪᠢᠳᠠᠨ ᠬᠠᠮᠢᠶᠠᠷᠬᠤ      ᠬᠤᠰᠢᠭᠤ ᠳᠠᠷᠤᠭ᠎ᠠ ᠶᠢ ᠬᠠᠮᠵᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ ᠂ ᠠᠷᠠᠯᠵᠢᠶᠠᠴᠢᠨ ᠤᠷᠢᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠯᠤᠰ ᠤᠨ ᠡᠬᠢ ᠪᠠᠶᠠᠯᠢᠭ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠡᠬᠢ ᠪᠠᠶᠠᠯᠢᠭ ᠤᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠳᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠭᠤᠯᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠰᠢᠭᠤᠨ ᠤ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠠᠵᠢᠯᠯᠠᠭᠠᠨ ᠤ ᠲᠥᠪ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤ ᠳᠠᠩᠰᠠ ᠡᠪᠬᠡᠮᠡᠯ ᠲᠡᠦᠬᠡ ᠤᠶᠢᠯᠠᠯᠭ᠎ᠠ ᠶᠢᠨ ᠣᠷᠳᠣᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠳᠥᠷᠪᠡᠳ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠪᠠᠩᠬᠢ ᠶᠢᠨ ᠳᠠᠭᠠᠳᠬᠠᠯ ᠤᠨ ᠬᠢᠨᠠᠨ ᠬᠠᠮᠢᠶᠠᠷᠬᠤ ᠳᠤᠭᠤᠶᠢᠯᠠᠩ ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠥᠷᠪᠡᠳ ᠬᠤᠰᠢᠭᠤᠨ ᠤ ᠪᠠᠶᠢᠴᠠᠭᠠᠯᠲᠠ ᠶᠢᠨ ᠠᠩᠭᠢ᠂ ᠠᠷᠠᠳ ᠤᠨ ᠪᠠᠩᠬᠢ ᠶᠢᠨ ᠳᠥᠷᠪᠡᠳ ᠬᠤᠰᠢᠭᠤᠨ ᠤ ᠰᠠᠯᠪᠤᠷᠢ ᠪᠠᠩᠬᠢ᠂ ᠬᠤᠰᠢᠭᠤᠨ ᠳᠤ ᠰᠠᠭᠤᠭ᠎ᠠ ᠡᠯ᠎ᠡ ᠪᠠᠩᠬᠢ  ᠲᠠᠢ ᠬᠠᠷᠢᠯᠴᠠᠨ᠎ᠠ᠃ᠬᠤᠰᠢᠭᠤᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ 
 
ᠢᠷᠡᠯᠲᠡ᠄ ᠳᠦᠷᠪᠡᠦᠨ ᠬᠤᠰᠢᠭᠤᠨ ᠤ ᠵᠤᠬᠢᠶᠠᠨ ᠪᠠᠢᠭᠤᠯᠬᠤ ᠬᠡᠯᠲᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2