ᠾᠧ ᠶᠦᠩ ᠴᠢᠩ | ᠬᠤᠰᠢᠭᠤ ᠠᠷᠠᠳ ᠶᠢᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠬᠤᠪᠢ ᠬᠥᠮᠦᠨ ᠤ ᠲᠣᠪᠴᠢ ᠲᠠᠨᠢᠯᠴᠠᠭᠤᠯᠭ᠎ᠠ | ᠾᠧ ᠶᠦᠩ ᠴᠢᠩ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 8 ᠰᠠᠷ᠎ᠠ ᠳᠤ ᠲᠥᠷᠥᠵᠡᠢ᠂ | ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ | ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃ | ᠠᠵᠢᠯ ᠢᠶᠠᠨ ᠬᠤᠪᠢᠳᠠᠨ ᠬᠠᠮᠢᠶᠠᠷᠬᠤ | ᠬᠤᠰᠢᠭᠤ ᠳᠠᠷᠤᠭ᠎ᠠ ᠶᠢ ᠬᠠᠮᠵᠢᠨ ᠨᠡᠶᠢᠭᠡᠮ ᠤᠨ ᠲᠣᠭᠲᠠᠭᠤᠨ ᠪᠠᠶᠢᠳᠠᠯ᠂ ᠬᠠᠤᠯᠢ ᠴᠠᠭᠠᠵᠠ᠂ ᠵᠠᠬᠢᠳᠠᠯ | ᠰᠤᠷᠪᠤᠯᠵᠢᠯᠠᠭ᠎ᠠ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ | ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠰᠢᠭᠤ ᠠᠷᠠᠳ ᠤᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠳᠥᠷᠪᠡᠳ | ᠬᠤᠰᠢᠭᠤᠨ ᠤ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠵᠠᠮ | ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ | ᠪᠤᠰᠤᠳ ᠠᠵᠢᠯ ᠢ ᠪᠡᠶᠡᠯᠡᠭᠦᠯᠦᠨ᠎ᠡ᠃ |