ᠵᠢᠶᠠ ᠰᠢᠶᠣᠤ ᠫᠢᠩ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠬᠤᠰᠢᠭᠤ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠬᠤᠪᠢ ᠬᠥᠮᠦᠨ ᠤ ᠲᠣᠪᠴᠢ ᠲᠠᠨᠢᠯᠴᠠᠭᠤᠯᠭ᠎ᠠ | ᠵᠢᠶᠠ ᠰᠢᠶᠣᠤ ᠫᠢᠩ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 2 ᠰᠠᠷ᠎ᠠ ᠳᠤ ᠲᠥᠷᠥᠵᠡᠢ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ | ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠬᠤᠰᠢᠭᠤ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠠᠵᠢᠯᠯᠠᠵᠤ | ᠪᠠᠶᠢᠨ᠎ᠠ᠃ | ᠠᠵᠢᠯ ᠢᠶᠠᠨ ᠬᠤᠪᠢᠳᠠᠨ ᠬᠠᠮᠢᠶᠠᠷᠬᠤ | ᠬᠤᠰᠢᠭᠤ ᠳᠠᠷᠤᠭ᠎ᠠ ᠶᠢ ᠬᠠᠮᠵᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ | ᠬᠠᠷᠢᠭᠤᠴᠠᠵᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠠᠷᠠᠳ ᠤᠨ | ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ | ᠂ ᠠᠷᠠᠯᠵᠢᠶᠠᠴᠢᠨ ᠤᠷᠢᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ | ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ | ᠲᠥᠪ᠂ ᠤᠯᠤᠰ ᠤᠨ ᠡᠬᠢ ᠪᠠᠶᠠᠯᠢᠭ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠡᠬᠢ ᠪᠠᠶᠠᠯᠢᠭ ᠤᠨ ᠨᠡᠭᠡᠭᠡᠯᠲᠡ ᠶᠢᠨ | ᠪᠡᠯᠡ ᠣᠷᠣᠭᠤᠯᠤᠯᠲᠠ ᠶᠢᠨ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤ ᠳᠠᠷᠤᠭ᠎ᠠ ᠶᠢ ᠬᠠᠪᠰᠤᠷᠤᠨ | ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠭᠤᠯᠪᠠ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ | ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠰᠢᠭᠤᠨ ᠤ ᠨᠠᠮ ᠤᠨ | ᠬᠤᠷᠢᠶᠠᠨ ᠤ ᠠᠬᠠᠮᠠᠳ ᠺᠠᠳ᠋ᠷ ᠤᠨ ᠠᠵᠢᠯᠯᠠᠭᠠᠨ ᠤ ᠲᠥᠪ᠂ ᠬᠤᠰᠢᠭᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ᠂ ᠬᠤᠰᠢᠭᠤ ᠳᠠᠩᠰᠠ ᠡᠪᠬᠡᠮᠡᠯ ᠲᠡᠦᠬᠡ ᠤᠶᠢᠯᠠᠯᠭ᠎ᠠ ᠶᠢᠨ ᠣᠷᠳᠣᠨ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠳᠥᠷᠪᠡᠳ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠪᠠᠩᠬᠢ ᠶᠢᠨ ᠳᠠᠭᠠᠳᠬᠠᠯ ᠤᠨ ᠬᠢᠨᠠᠨ ᠬᠠᠮᠢᠶᠠᠷᠬᠤ ᠳᠤᠭᠤᠶᠢᠯᠠᠩ | ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠥᠷᠪᠡᠳ ᠬᠤᠰᠢᠭᠤᠨ ᠤ ᠪᠠᠶᠢᠴᠠᠭᠠᠯᠲᠠ ᠶᠢᠨ ᠠᠩᠭᠢ᠂ | ᠠᠷᠠᠳ ᠤᠨ ᠪᠠᠩᠬᠢ ᠶᠢᠨ ᠳᠥᠷᠪᠡᠳ ᠬᠤᠰᠢᠭᠤᠨ ᠤ ᠰᠠᠯᠪᠤᠷᠢ ᠪᠠᠩᠬᠢ᠂ ᠬᠤᠰᠢᠭᠤᠨ ᠳᠤ ᠰᠠᠭᠤᠭ᠎ᠠ ᠡᠯ᠎ᠡ ᠪᠠᠩᠬᠢ | ᠲᠠᠢ ᠬᠠᠷᠢᠯᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |