ᠤᠯᠠᠭᠠᠨᠴᠠᠪ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠳᠥᠷᠪᠡᠳ ᠬᠤᠰᠢᠭᠤᠨ ᠤ  ᠴᠠᠭᠠᠨᠪᠤᠯᠠᠭ  ᠰᠤᠮᠤ   ᠳᠤ ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/10/15
      ᠤᠯᠠᠭᠠᠨᠴᠠᠪ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠳᠥᠷᠪᠡᠳ ᠬᠤᠰᠢᠭᠤᠨ ᠤ   ᠴᠠᠭᠠᠨᠪᠤᠯᠠᠭ  ᠰᠤᠮᠤ   ᠳᠤ ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠭᠦᠯᠦᠭᠰᠡᠨ          10 ᠰᠠᠷ᠎ᠠ ᠶᠢᠨ 12 ᠤ ᠡᠳᠦᠷ᠂ ᠤᠯᠠᠭᠠᠨᠴᠠᠪ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠳᠥᠷᠪᠡᠳ ᠬᠤᠰᠢᠭᠤᠨ ᠤ ᠴᠠᠭᠠᠨ ᠪᠤᠯᠠᠭ ᠰᠤᠮᠤᠨ ᠳᠤ ᠬᠦᠷᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠥᠷᠨᠢᠭᠦᠯᠪᠡ᠃
10.14.jpeg
      ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠤᠷᠪᠠᠨ ᠯᠧᠺᠲ᠋ᠣᠷ 《 ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠤ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢᠨ ᠰᠢᠨ᠎ᠡ ᠵᠢᠷᠤᠭ 》᠂ 《 ᠬᠥᠭᠵᠢᠯᠲᠡ ᠶᠢᠨ ᠪᠦᠬᠦ ᠶᠠᠪᠤᠴᠠ᠂ ᠠᠷᠠᠳ ᠤᠨ ᠠᠷᠠᠳᠴᠢᠯᠠᠯ ᠢ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ 》᠂ 《 ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠬᠤ 》 ᠵᠡᠷᠭᠡ ᠠᠭᠤᠯᠭ᠎ᠠ ᠲᠠᠢ ᠤᠶᠠᠯᠳᠤᠭᠤᠯᠤᠨ᠂ ᠣᠯᠠᠨ ᠲᠠᠯ᠎ᠠ ᠪᠠᠷ   ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠲᠠᠶᠢᠯᠪᠤᠷᠢᠯᠠᠵᠠᠢ᠃ ᠥᠨᠥᠳᠥᠷ ᠤᠨ ᠲᠤᠩᠬᠠᠭᠯᠠᠯ ᠨᠢ ᠴᠠᠭ ᠲᠤᠬᠠᠢ ᠳᠤ ᠨᠢ ᠪᠣᠷᠣᠭᠠᠯᠠᠭᠰᠠᠨ ᠮᠡᠲᠦ᠂ ᠣᠯᠠᠨ ᠲᠦᠮᠡᠨ ᠤ ᠰᠡᠳᠬᠢᠯ ᠢ ᠪᠠᠶᠠᠰᠬᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠴᠡᠴᠡᠭᠯᠡᠵᠦ ᠦᠷ᠎ᠡ ᠲᠦᠩ ᠭᠠᠷᠭᠠᠭᠰᠠᠨ ᠭᠡᠵᠦ ᠣᠯᠠᠨ ᠢᠶᠠᠷ ᠢᠶᠠᠨ ᠢᠯᠡᠷᠬᠡᠶᠢᠯᠡᠯ᠎ᠡ᠃ᠠᠭᠤᠯᠠ ᠲᠠᠯ᠎ᠠ ᠭᠠᠴᠠᠭ᠎ᠠ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠯᠢ ᠸᠧᠢ ᠵᠧᠩ ᠬᠡᠯᠡᠬᠦ ᠳᠡᠭᠡᠨ᠄  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠬᠤ ᠪᠠᠷ ᠳᠠᠮᠵᠢᠨ᠂ ᠮᠠᠨ ᠤ ᠦᠨᠳᠦᠰᠦᠨ ᠱᠠᠲᠤᠨ ᠤ ᠠᠵᠢᠯᠲᠠᠨ ᠶᠡᠷᠦᠩᠬᠡᠶᠢᠯᠡᠭᠰᠡᠨ ᠦᠢᠯᠡᠴᠢᠯᠡᠭᠡ ᠪᠣᠯᠤᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠰᠢᠨ᠎ᠡ ᠶᠢ ᠡᠭᠦᠳᠬᠦ ᠣᠨᠣᠯ ᠤᠨ ᠦᠨᠳᠦᠰᠦᠯᠡᠯ ᠲᠠᠢ ᠪᠣᠯᠵᠤ᠂ ᠪᠢᠳᠡ ᠬᠠᠮᠲᠤᠪᠠᠷ ᠬᠦᠰᠡᠨ ᠪᠠᠷᠠᠯᠠᠵᠤ᠂ ᠬᠠᠮᠲᠤᠪᠠᠷ ᠢᠷᠡᠭᠡᠳᠦᠢ ᠪᠠᠨ ᠴᠣᠭᠴᠠᠯᠠᠨ ᠪᠠᠶᠢᠭᠤᠯᠤᠶ᠎ᠠ᠃        ᠰᠤᠮᠤ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠬᠡᠰᠡᠭ ᠮᠠᠯᠴᠢᠳ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2