ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠰᠠᠨ | | ᠣᠶᠢᠷ᠎ᠠ ᠳᠤ᠂ ᠮᠠᠨ ᠤ ᠬᠤᠰᠢᠭᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ 2024 ᠣᠨ ᠤ ᠨᠠᠮᠤᠷ ᠤᠨ ᠤᠯᠠᠷᠢᠯ ᠤᠨ | ᠬᠢᠵᠢᠭ ᠰᠡᠷᠭᠡᠶᠢᠯᠡᠬᠦ ᠠᠵᠢᠯ ᠢ ᠪᠠᠶᠢᠷᠢᠯᠠᠭᠤᠯᠤᠨ᠂ ᠬᠤᠰᠢᠭᠤ ᠳᠡᠳ᠋ ᠳᠠᠷᠤᠭ᠎ᠠ ᠲᠦᠩ ᠰᠢ ᠬᠤᠷᠠᠯ ᠳᠤ | ᠤᠷᠤᠯᠴᠠᠭᠰᠠᠨ ᠪᠠᠶᠢᠨ᠎ᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠣᠳᠣᠬᠠᠨ ᠤ | ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ ᠴᠢᠩᠭ᠎ᠠ ᠪᠥᠭᠡᠳ ᠪᠣᠳᠠᠲᠠᠢ ᠠᠤᠨᠬᠤᠵᠤ᠂ ᠨᠠᠮᠤᠷ ᠤᠨ ᠤᠯᠠᠷᠢᠯ ᠤᠨ | ᠡᠯ᠎ᠡ ᠵᠦᠢᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢᠲᠠᠨ ᠤ | ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠭᠠᠭᠤᠯᠭᠠ ᠶᠢᠨ ᠡᠷᠴᠢᠮ ᠪᠣᠯᠤᠨ ᠬᠠᠮᠢᠶ᠎ᠠ ᠪᠦᠬᠦᠢ ᠬᠥᠮᠦᠰ ᠢ | ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠪᠣᠯᠪᠠᠰᠣᠷᠠᠭᠤᠯᠤᠯ ᠢ ᠴᠢᠩᠭᠠᠳᠬᠠᠵᠤ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠡᠳᠦᠷ ᠲᠤᠲᠤᠮ ᠤᠨ ᠠᠷᠢᠭᠤᠳᠬᠠᠬᠤ ᠠᠵᠢᠯ ᠢ ᠰᠠᠶᠢᠲᠤᠷ ᠬᠢᠯᠭᠡᠵᠦ᠂ ᠠᠮᠢᠲᠠᠨ ᠤ ᠬᠢᠵᠢᠭ ᠢ | ᠰᠡᠷᠭᠡᠶᠢᠯᠡᠬᠦ ᠠᠵᠢᠯ ᠤᠨ ᠲᠤᠬᠠᠢ ᠣᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠵᠦ᠂ ᠣᠳᠣᠬᠠᠨ ᠤ ᠠᠮᠢᠲᠠᠨ ᠤ | ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ | ᠪᠣᠯᠤᠨ ᠲᠤᠯᠭᠠᠮ᠎ᠠ ᠰᠡᠳᠬᠢᠯᠭᠡ ᠶᠢ ᠦᠨᠡᠨᠬᠦ ᠨᠡᠮᠡᠭᠳᠡᠭᠦᠯᠦᠨ᠂ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ | ᠥᠷᠨᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ᠂ ᠢᠯᠡ ᠵᠠᠷᠯᠠᠬᠤ ᠪᠠ ᠵᠠᠰᠠᠨ ᠰᠠᠶᠢᠵᠢᠷᠠᠭᠤᠯᠬᠤ᠂ | ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ | ᠲᠣᠭᠲᠠᠭᠤᠨ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠩᠭ᠎ᠠ | ᠱᠠᠭᠠᠷᠳᠠᠭᠰᠠᠨ ᠪᠠᠶᠢᠨ᠎ᠠ᠃ | ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠰᠢᠶᠠᠩ | ᠪᠠᠯᠭᠠᠰᠤᠨ ᠤ ( ᠲᠠᠯᠠᠪᠠᠢ ) ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |