ᠢᠦᠢ ᠳ᠋ᠠᠢ ᠴᠢᠩ ᠪᠦᠬᠦ ᠬᠤᠰᠢᠭᠤᠨ ᠤ ᠳᠤᠯᠠᠭᠠᠯᠠᠯᠭ᠎ᠠ ᠶᠢᠨ ᠢᠨᠵᠧᠨᠧᠷᠢᠩ ᠤᠨ ᠪᠠᠶᠢᠳᠠᠯ ᠳᠤ ᠲᠤᠭᠤᠷᠢᠨ | ᠪᠠᠶᠢᠴᠠᠭᠠᠵᠦ ᠰᠤᠳᠤᠯᠤᠯᠲᠠ ᠬᠢᠭᠰᠡᠨ | | ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ᠂ ᠾᠧ ᠯᠧ ᠰᠠᠭᠤᠭᠠᠯᠢ | ᠲᠣᠭᠤᠷᠢᠭ᠂ ᠠᠮᠢ ᠠᠬᠤᠢ ᠶᠢᠨ ᠪᠣᠯᠪᠠᠰᠤᠨ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭ᠎ᠠ᠂ ᠤᠯᠠᠭᠠᠨ | ᠰᠠᠭᠤᠭᠠᠯᠢ ᠲᠣᠭᠤᠷᠢᠭ ᠤᠨ ᠳᠥᠷᠪᠡᠳᠦᠭᠡᠷ ᠬᠤᠭᠤᠴᠠᠭ᠎ᠠ᠂ ᠺᠠᠩ ᠯᠧ ᠰᠠᠭᠤᠭᠠᠯᠢ ᠲᠣᠭᠤᠷᠢᠭ ᠢᠶᠠᠷ ᠭᠦᠨᠵᠡᠭᠡᠶᠢᠷᠡᠵᠦ | ᠂ ᠰᠠᠭᠤᠭᠠᠯᠢ ᠲᠣᠭᠤᠷᠢᠭ ᠤᠨ ᠢᠯᠴᠢ ᠬᠠᠩᠭᠠᠭᠰᠠᠨ ᠪᠠᠶᠢᠳᠠᠯ ᠢ ᠠᠰᠠᠭᠤᠨ ᠯᠠᠪᠯᠠᠵᠤ᠂ ᠰᠠᠭᠤᠭᠠᠯᠢ ᠠᠷᠠᠳ ᠤᠨ | ᠬᠠᠯᠠᠭᠤᠨ ᠳᠤᠯᠠᠭᠠᠨ ᠡᠪᠦᠯᠵᠢᠭᠦᠯᠬᠦ ᠪᠠᠶᠢᠳᠠᠯ ᠢ ᠪᠠᠶᠢᠴᠠᠭᠠᠭᠰᠠᠨ ᠪᠠᠶᠢᠨ᠎ᠠ᠃ | ᠢᠦᠢ ᠳ᠋ᠠᠢ ᠴᠢᠩ ᠠᠴᠠ᠂ 《ᠳᠤᠯᠠᠭᠠᠯᠠᠯᠭ᠎ᠠ ᠶᠢᠨ ᠢᠨᠵᠧᠨᠧᠷᠢᠩ》ᠪᠣᠯ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠲᠣᠭᠲᠠᠭᠠᠭᠰᠠᠨ《ᠵᠢᠷᠭᠤᠭᠠᠨ ᠢᠨᠵᠧᠨᠧᠷᠢᠩ 》 ᠤᠨ ᠨᠢᠭᠡ᠂ ᠴᠢᠬᠤᠯᠠ ᠠᠷᠠᠳ ᠤᠨ | ᠠᠮᠢᠳᠤᠷᠠᠯ ᠤᠨ ᠢᠨᠵᠧᠨᠧᠷᠢᠩ᠂ ᠲᠦᠭ ᠲᠦᠮᠡᠨ ᠠᠶᠢᠯ ᠡᠷᠦᠬᠡ᠂ ᠠᠷᠠᠳ ᠣᠯᠠᠨ ᠤ ᠬᠠᠯᠠᠭᠤᠨ ᠳᠤᠯᠠᠭᠠᠨ | ᠡᠪᠦᠯᠵᠢᠭᠦᠯᠬᠦ ᠶᠠᠪᠤᠳᠠᠯ ᠲᠠᠢ ᠬᠤᠯᠪᠣᠭᠳᠠᠵᠤ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ | ᠭᠤᠭᠴᠣᠭᠠᠨ ᠤ ᠪᠣᠳᠠᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠣᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ | ᠵᠦᠢᠯ ᠢ ᠡᠵᠡᠮᠳᠡᠬᠦ ᠶᠠᠪᠤᠳᠠᠯ ᠢ ᠴᠢᠬᠤᠯᠠᠴᠢᠯᠠᠨ᠂ ᠢᠯᠴᠢ ᠶᠢᠨ ᠢᠷᠡᠯᠲᠡ ᠶᠢᠨ ᠦᠢᠯᠡᠳᠪᠦᠷᠢ ᠤᠰᠤ᠂ ᠳᠠᠷᠤᠯᠲᠠ | ᠥᠭᠬᠦ ᠪᠠ ᠳᠤᠯᠠᠭᠠᠯᠠᠯᠭ᠎ᠠ ᠵᠡᠷᠭᠡ ᠲᠠᠯ᠎ᠠ ᠶᠢᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠪᠣᠳᠣᠯᠬᠢᠯᠠᠵᠤ᠂ ᠰᠡᠯᠪᠢᠨ | ᠵᠠᠰᠠᠬᠤ ᠠᠵᠢᠯ ᠤᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠪᠠᠲᠤᠯᠠᠵᠤ᠂ | ᠣᠷᠣᠰᠢᠵᠤ ᠪᠠᠶᠢᠭ᠎ᠠ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠨ᠂ ᠳᠤᠯᠠᠭᠠᠯᠠᠯᠭ᠎ᠠ ᠶᠢᠨ ᠢᠨᠵᠧᠨᠧᠷᠢᠩ ᠤᠨ ᠬᠢᠨᠠᠨ | ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠠᠷᠠᠳ ᠣᠯᠠᠨ ᠢ ᠬᠠᠯᠠᠭᠤᠨ ᠳᠤᠯᠠᠭᠠᠨ ᠡᠪᠦᠯᠵᠢᠭᠦᠯᠬᠦ ᠶᠢ ᠰᠠᠶᠢᠳᠤᠷ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃ | ᠬᠤᠰᠢᠭᠤᠨ ᠤ ᠤᠳᠤᠷᠢᠳᠤᠯᠭ᠎ᠠ ᠸᠧᠢ ᠵᠢᠶᠠᠨ ᠮᠢᠩ᠂ ᠰᠦ᠋ ᠰᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠤ ᠲᠤᠭᠤᠷᠢᠨ ᠪᠠᠶᠢᠴᠠᠭᠠᠯᠲᠠ ᠳᠤ ᠤᠷᠤᠯᠴᠠᠵᠠᠢ ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |