ᠮᠠᠨ ᠤ ᠬᠤᠰᠢᠭᠤ ᠦᠨ᠎ᠡ ᠲᠥᠯᠥᠪᠦᠷᠢ ᠦᠭᠡᠢ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠦᠭᠰᠡᠨ | | 10 ᠰᠠᠷ᠎ᠠ ᠶᠢᠨ 15 ᠤ ᠡᠳᠦᠷ᠂ ᠬᠤᠲᠠ ᠶᠢᠨ ᠴᠢᠰᠤᠨ ᠤ ᠥᠷᠲᠡᠭᠡ ᠮᠠᠨ ᠤ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠠᠨ ᠳᠤ ᠭᠤᠷᠪᠠᠨ ᠡᠳᠦᠷ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ | ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠦᠨ᠎ᠡ ᠲᠥᠯᠥᠪᠦᠷᠢ ᠦᠭᠡᠢ ᠪᠠᠷ ᠴᠢᠰᠤ | ᠬᠠᠨᠳᠢᠪᠯᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠡᠶᠢᠭᠡᠮ ᠤᠨ ᠬᠠᠶᠢᠷ᠎ᠠ ᠬᠠᠯᠠᠮᠵᠢ ᠶᠢ | ᠳᠠᠮᠵᠢᠭᠤᠯᠤᠭᠰᠠᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠰᠠᠳ ᠤᠨ ᠵᠢᠯᠣᠭᠤᠳᠤᠯᠭ᠎ᠠ | ᠳᠣᠣᠷ᠎ᠠ᠂ ᠴᠢᠰᠤ ᠬᠠᠨᠳᠢᠪᠯᠠᠭᠴᠢᠳ ᠮᠡᠳᠡᠭᠡ ᠵᠠᠩᠭᠢ ᠳᠠᠩᠰᠠᠯᠠᠬᠤ᠂ ᠴᠢᠰᠤᠨ ᠤ ᠠᠩᠬᠠᠨ ᠤ ᠪᠠᠶᠢᠴᠠᠭᠠᠯᠲᠠ ᠵᠡᠷᠭᠡ | ᠴᠤᠪᠤᠷᠠᠯ ᠢᠶᠠᠨ ᠳᠡᠰ ᠳᠠᠷᠠᠭᠠᠯᠠᠨ ᠪᠡᠶᠡᠯᠡᠭᠦᠯᠵᠦ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠨᠢ ᠴᠢᠰᠤ ᠥᠭᠬᠦ | ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠵᠤ᠂ ᠠᠵᠢᠯᠲᠠᠳ ᠤᠨ ᠡᠯ᠎ᠡ ᠵᠦᠢᠯ ᠤᠨ ᠴᠤᠪᠤᠷᠠᠯ ᠲᠠᠢ ᠬᠠᠮᠵᠢᠯᠴᠠᠨ | ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠠᠮᠢ ᠨᠠᠰᠤ ᠶᠢ ᠬᠦᠨᠳᠦᠳᠬᠡᠬᠦ ᠪᠠ ᠬᠠᠶᠢᠷᠠᠯᠠᠬᠤ ᠶᠢ ᠲᠠᠶᠢᠯᠪᠤᠷᠢᠯᠠᠭᠰᠠᠨ | ᠪᠠᠶᠢᠨ᠎ᠠ᠃ | ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠣᠯ ᠠᠮᠢ ᠨᠠᠰᠤᠨ ᠤ ᠬᠠᠶᠢᠷ᠎ᠠ ᠶᠢᠨ ᠳᠠᠮᠵᠢᠭᠤᠯᠤᠭᠴᠢ | ᠂ ᠴᠢᠰᠤ ᠬᠠᠨᠳᠢᠪᠯᠠᠭᠴᠢᠳ ᠤᠨ ᠬᠠᠷᠠᠮ ᠦᠭᠡᠢ ᠬᠤᠪᠢ ᠨᠡᠮᠡᠷᠢ ᠪᠣᠯᠤᠨ ᠠᠮᠢ ᠨᠠᠰᠤ ᠶᠢ ᠪᠢᠰᠢᠷᠡᠨ ᠬᠦᠨᠳᠦᠳᠬᠡᠬᠦ | ᠰᠡᠳᠬᠢᠯ ᠤᠨ ᠴᠢᠬᠤᠯᠠ ᠵᠠᠩᠭᠢᠯᠠᠭ᠎ᠠ᠂ ᠡᠳᠡᠭᠡᠷ ᠴᠢᠰᠤ ᠬᠠᠨᠳᠢᠪᠯᠠᠭᠴᠢᠳ ᠤᠨ ᠴᠢᠰᠤ ᠶᠢ ᠡᠮᠨᠡᠯᠭᠡ ᠳᠤ ᠬᠦᠷᠭᠡᠵᠦ᠂ | ᠡᠪᠡᠳᠴᠢᠲᠡᠨ ᠳᠤ ᠠᠮᠢᠳᠤᠷᠠᠬᠤ ᠬᠦᠰᠡᠯ ᠡᠷᠡᠮᠡᠯᠵᠡᠯ ᠠᠪᠴᠢᠷᠠᠵᠤ ᠥᠭᠬᠦ ᠪᠣᠯᠤᠨ᠎ᠠ᠃ ᠴᠢᠰᠤ | ᠬᠠᠨᠳᠢᠪᠯᠠᠭᠴᠢᠳ ᠤᠨ ᠬᠠᠶᠢᠷ᠎ᠠ ᠶᠢᠨ ᠰᠡᠳᠬᠢᠯ ᠬᠦᠰᠡᠯ ᠦᠷᠭᠦᠯᠵᠢᠯᠡᠬᠦ ᠪᠣᠯᠤᠨ᠎ᠠ᠂ ᠪᠢᠳᠡ ᠠᠮᠢ ᠨᠠᠰᠤ ᠪᠠᠨ | ᠬᠠᠶᠢᠷᠠᠯᠠᠬᠤ᠂ ᠪᠤᠰᠤᠳ ᠢ ᠬᠠᠯᠠᠮᠵᠢᠯᠠᠬᠤ ᠵᠣᠷᠢᠭ ᠰᠠᠨᠠᠭ᠎ᠠ ᠪᠠᠷ ᠰᠠᠶᠢᠨ ᠳᠤᠷ᠎ᠠ ᠶᠢᠨ ᠦᠨ᠎ᠡ ᠲᠥᠯᠥᠪᠦᠷᠢ ᠦᠭᠡᠢ | ᠴᠢᠰᠤ ᠬᠠᠨᠳᠢᠪᠯᠠᠬᠤ ᠡᠩᠨᠡᠭᠡᠨ ᠳᠤ ᠣᠷᠣᠯᠴᠠᠵᠤ᠂ ᠠᠮᠢ ᠨᠠᠰᠤᠨ ᠤ ᠬᠦᠰᠡᠯ ᠂ ᠥᠪᠡᠷ ᠤᠨ ᠬᠤᠪᠢ ᠬᠦᠴᠦᠨ ᠢᠶᠠᠨ | ᠡᠷᠭᠦᠵᠦ ᠵᠣᠷᠢᠭᠤᠯᠵᠤ ᠶᠠᠪᠤᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠤᠷᠤᠨ᠎ᠠ ᠢᠦᠢ ᡁᠢ ᠹᠠᠩ ᠵᠣᠣ ᠶᠠ ᠹᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |