ᠬᠤᠰᠢᠭᠤ ᠤᠯᠤᠰ ᠲᠥᠷᠥ ᠶᠢᠨ ᠵᠥᠪᠯᠡᠯᠭᠡᠨ᠂ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠲᠤᠰᠬᠠᠢ | ᠰᠡᠳᠦᠪᠲᠦ ᠪᠠᠶᠢᠩᠭᠤ ᠶᠢᠨ ᠬᠤᠷᠠᠯ ᠬᠤᠷᠠᠯᠳᠤᠭᠤᠯᠤᠭᠰᠠᠨ | | | | 10 ᠰᠠᠷ᠎ᠠ ᠶᠢᠨ 14 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ《 ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠱᠤᠭᠤᠬᠤ ᠪᠠᠷ ᠭᠤᠣᠯ ᠰᠢᠵᠢᠮ ᠪᠣᠯᠭᠠᠵᠤ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ 》ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠠᠯ | ᠬᠤᠷᠠᠯᠳᠤᠭᠤᠯᠤᠭᠰᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ ᠬᠤᠷᠠᠯ ᠳᠤ | ᠣᠷᠣᠯᠴᠠᠪᠠ᠃ | ᠬᠤᠷᠠᠯ ᠠᠴᠠ᠂ ᠮᠠᠨ ᠤ ᠬᠤᠰᠢᠭᠤᠨ ᠤ《ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ》ᠠᠵᠢᠯ ᠢ ᠥᠷᠨᠢᠭᠦᠯᠦᠭᠰᠡᠨ | ᠪᠠᠶᠢᠳᠠᠯ ᠢ ᠮᠡᠳᠡᠭᠦᠯᠵᠦ᠂《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠢ ᠪᠣᠯᠭᠠᠬᠤ ᠪᠠᠷ ᠭᠤᠣᠯ ᠱᠤᠭᠤᠮ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ》ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ》 ᠶᠢ ᠬᠢᠨᠠᠨ ᠵᠥᠪᠯᠡᠵᠦ᠂ ᠬᠤᠷᠠᠯ ᠳᠤ ᠣᠷᠣᠯᠴᠠᠭᠰᠠᠳ《ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ 》 ᠠᠵᠢᠯ ᠤᠨ | ᠲᠣᠭᠤᠷᠢᠨ ᠳᠤ᠂ ᠰᠠᠨᠠᠯ ᠰᠠᠨᠠᠭᠤᠯᠭ᠎ᠠ ᠳᠤᠷᠠᠳᠴᠠᠢ᠃ | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ | ᠪᠠᠬᠢ ᠪᠣᠢ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠡᠭᠦᠳᠦᠨ ᠪᠠᠶᠢᠭᠤᠯᠬᠤ ᠪᠣᠯ ᠳᠥᠷᠪᠡᠳ ᠬᠤᠰᠢᠭᠤᠨ ᠤ ᠴᠢᠬᠤᠯᠠ ᠡᠭᠦᠷᠭᠡ ᠪᠣᠯᠤᠨ᠎ᠠ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ | ᠴᠢᠭᠯᠡᠯ ᠢᠶᠠᠨ ᠪᠠᠲᠤ ᠰᠠᠬᠢᠬᠤ ᠬᠡᠷᠡᠭᠲᠡᠢ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ | ᠴᠢᠳᠠᠪᠤᠷᠢ ᠶᠢᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠠᠷᠭ᠎ᠠ ᠤᠬᠠᠭᠠᠨ | ᠭᠠᠷᠭᠠᠵᠤ᠂ ᠳᠥᠷᠪᠡᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠢ ᠠᠬᠢᠭᠤᠯᠬᠤ ᠳᠤ | ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ | ᠬᠠᠮᠵᠢᠯᠴᠠᠵᠤ᠂ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ | ᠬᠡᠷᠡᠭᠲᠡᠢ᠃ ᠳᠥᠷᠪᠡᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠳᠤ ᠴᠢᠬᠤᠯᠠ ᠣᠶᠤᠨ ᠤ ᠳᠡᠮᠵᠢᠯᠭᠡ ᠪᠠ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠭᠰᠠᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠴᠧᠨ ᠯᠢᠨ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |