ᠤᠯᠠᠭᠠᠨᠴᠠᠪ ᠬᠤᠲᠠ ᠳᠣᠷᠣᠨᠠᠭᠤᠪᠢ ᠠᠶᠢᠮᠠᠭ ᠲᠠᠢ ᠨᠥᠬᠦᠷᠰᠡᠭ ᠬᠤᠲᠠ ᠶᠢᠨ ᠬᠠᠷᠢᠯᠴᠠᠭ᠎ᠠ ᠠᠯᠪᠠᠨ ᠶᠣᠰᠣᠭᠠᠷ ᠪᠠᠶᠢᠭᠤᠯᠪᠠ
ᠨᠡᠶᠢᠲᠡᠯᠡᠭᠰᠡᠨ ᠴᠠᠭ᠄
2024/10/17
      ᠤᠯᠠᠭᠠᠨᠴᠠᠪ ᠬᠤᠲᠠ ᠳᠣᠷᠣᠨᠠᠭᠤᠪᠢ ᠠᠶᠢᠮᠠᠭ ᠲᠠᠢ ᠨᠥᠬᠦᠷᠰᠡᠭ ᠬᠤᠲᠠ ᠶᠢᠨ ᠬᠠᠷᠢᠯᠴᠠᠭ᠎ᠠ ᠠᠯᠪᠠᠨ ᠶᠣᠰᠣᠭᠠᠷ ᠪᠠᠶᠢᠭᠤᠯᠪᠠ          《 ᠨᠢᠭᠡ ᠪᠦᠰᠡ ᠨᠢᠭᠡ ᠵᠠᠮ 》 ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ᠂ ᠮᠣᠩᠭᠤᠯ ᠤᠯᠤᠰ ᠯᠤᠭ᠎ᠠ ᠶᠢᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠤᠷᠪᠤᠯᠵᠢᠯᠠᠬᠤ ᠪᠦᠯᠬᠦᠮ 10 ᠳ᠋ᠤᠭᠠᠷ ᠰᠠᠷ᠎ᠠ ᠶᠢᠨ 8 ᠠᠴᠠ 10 ᠳ᠋ᠤᠭᠠᠷ ᠰᠠᠷ᠎ᠠ ᠶᠢᠨ 12 ᠤ ᠡᠳᠦᠷ ᠪᠣᠯᠲᠠᠯ᠎ᠠ ᠮᠣᠩᠭᠤᠯ ᠤᠯᠤᠰ ᠲᠤ ᠠᠶᠢᠯᠴᠢᠯᠠᠵᠤ᠂ ᠳᠣᠷᠣᠨᠠᠭᠤᠪᠢ ᠠᠶᠢᠮᠠᠭ ᠲᠠᠢ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠬᠤ ᠶᠢᠨ ᠬᠠᠮᠲᠤ ᠠᠷᠠᠯᠵᠢᠶ᠎ᠠ ᠬᠤᠳᠠᠯᠳᠤᠭᠠᠨ ᠤ ᠪᠣᠳᠠᠰ ᠤᠨ ᠭᠦᠢᠯᠭᠡᠭᠡᠨ ᠤ ᠬᠦᠷᠢᠶᠡᠨ ᠤ ᠬᠠᠮᠲᠤᠷᠠᠯᠴᠠᠭᠠᠨ ᠤ ᠲᠤᠬᠠᠢ ᠵᠦᠪᠳᠡᠯᠴᠡᠪᠡ᠃
10.17+1.jpg
      ᠤᠯᠠᠭᠠᠨᠴᠠᠪ ᠬᠤᠲᠠ ᠪᠣᠯᠤᠨ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠤᠳ ᠤᠨ ᠨᠥᠬᠦᠷᠰᠡᠭ ᠬᠤᠲᠠ ᠶᠢᠨ ᠭᠡᠷ᠎ᠡ ᠪᠢᠴᠢᠭ      ᠬᠤᠲᠠ ᠶᠢᠨ ᠳᠡᠳ᠋ ᠳᠠᠷᠤᠭ᠎ᠠ ᠸᠠᠩ ᠵᠧᠨ ᠬᠠᠢ  ᠨᠢ ᠤᠯᠠᠭᠠᠨᠴᠠᠪ ᠬᠤᠲᠠ ᠶᠢ ᠲᠥᠯᠥᠭᠡᠯᠡᠨ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠲᠠᠢ ᠨᠠᠶᠢᠷᠠᠮᠳᠠᠯ ᠤᠨ ᠬᠤᠲᠠ ᠬᠡᠯᠡᠯᠴᠡᠭᠡᠷ ᠤᠨ ᠪᠢᠴᠢᠭ ᠤᠨ ᠳᠠᠷᠤᠭ᠎ᠠ ᠭᠠᠷ ᠤᠨ ᠦᠰᠦᠭ ᠵᠢᠷᠤᠯ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠬᠠᠷᠢᠴᠠᠭ᠎ᠠ ᠪᠠᠶᠢᠭᠤᠯᠤᠭᠰᠠᠨ 75 ᠵᠢᠯ ᠤᠨ ᠣᠢ ᠪᠠᠷ ᠲᠣᠬᠢᠶᠠᠯ ᠪᠣᠯᠭᠠᠵᠤ ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠵᠠᠷᠴᠢᠮ ᠢ ᠵᠢᠷᠤᠮᠯᠠᠵᠤ᠂ ᠠᠵᠤ ᠠᠬᠤᠢ ᠠᠷᠠᠯᠵᠢᠶ᠎ᠠ᠂ ᠰᠣᠶᠣᠯ ᠵᠡᠷᠭᠡ ᠬᠦᠷᠢᠶᠡᠨ ᠳᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠢ ᠥᠷᠨᠢᠭᠦᠯᠬᠦ ᠶᠢᠨ ᠬᠠᠮᠲᠤ᠂ ᠳᠥᠷᠪᠡᠳ ᠬᠤᠰᠢᠭᠤ ᠨᠢ ᠳᠣᠷᠣᠨᠠᠭᠤᠪᠢ ᠠᠶᠢᠮᠠᠭ ᠤᠨ ᠬᠥᠪᠰᠥᠭᠦᠯ ᠰᠢᠶᠠᠨ ᠲᠠᠢ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢᠨ ᠰᠠᠨᠠᠮᠵᠢ ᠪᠢᠴᠢᠭ ᠲᠤ ᠭᠠᠷ ᠤᠨ ᠥᠰᠥᠭ ᠵᠢᠷᠤᠪᠠ᠃
10.17+2.jpg
      ᠮᠣᠩᠭᠤᠯ ᠤᠯᠤᠰ ᠲᠤ ᠰᠠᠭᠤᠭ᠎ᠠ ᠮᠠᠨ ᠤ ᠤᠯᠤᠰ ᠤᠨ ᠡᠯᠴᠢᠨ ᠰᠠᠶᠢᠳ ᠱᠧᠨ ᠮᠢᠨ ᠵᠢᠦᠸᠠᠨ ᠢ ᠠᠶᠢᠯᠴᠢᠯᠠᠬᠤ ᠪᠠᠷ ᠢᠷᠡᠭᠰᠡᠨ      ᠲᠥᠯᠥᠭᠡᠯᠡᠭᠴᠢᠳ ᠤᠮᠠᠷᠠᠲᠤ ᠶᠢᠨ ᠬᠠᠭᠤᠷᠠᠢ ᠭᠠᠷᠠᠮ ᠮᠣᠩᠭᠤᠯ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ ᠭᠠᠵᠠᠷ ᠣᠷᠣᠨ ᠳᠤ ᠰᠢᠨᠵᠢᠯᠡᠨ ᠪᠠᠶᠢᠴᠠᠭᠠᠪᠠ
10.17+3.jpg
      ᠠᠶᠢᠯᠴᠢᠯᠠᠯ ᠤᠨ ᠬᠤᠭᠤᠴᠠᠭᠠᠨ ᠳᠤ᠂ ᠰᠤᠷᠪᠤᠯᠵᠢᠯᠠᠬᠤ ᠪᠦᠯᠬᠦᠮ ᠮᠠᠨ ᠤ ᠤᠯᠤᠰ ᠤᠨ ᠮᠣᠩᠭᠤᠯ ᠤᠯᠤᠰ ᠲᠤ ᠰᠠᠭᠤᠭ᠎ᠠ ᠡᠯᠴᠢᠨ ᠱᠧᠨ ᠮᠢᠨ ᠵᠢᠦᠸᠠᠨ᠂ ᠮᠣᠩᠭᠤᠯ ᠤᠯᠤᠰ ᠤᠨ ᠵᠥᠪᠯᠡᠯᠭᠡᠨ ᠤ ᠬᠤᠷᠠᠯ ᠤᠨ ᠭᠡᠰᠢᠭᠦᠨ᠂ ᠵᠠᠮ ᠬᠠᠷᠢᠯᠴᠠᠭᠠᠨ ᠤ ᠶᠠᠮᠤᠨ ᠤ ᠰᠠᠶᠢᠳ ᠪᠤᠤ᠂ ᠳᠡᠯᠭᠡᠷᠰᠠᠶᠢᠬᠠᠨ ᠵᠢᠴᠢ ᠮᠣᠩᠭᠤᠯ ᠤᠯᠤᠰ ᠤᠨ ᠦᠢᠯᠡᠳᠪᠦᠷᠢ ᠬᠤᠳᠠᠯᠳᠤᠭᠠᠨ ᠤ ᠡᠪᠯᠡᠯ᠂ ᠮᠣᠩᠭᠤᠯ ᠤᠯᠤᠰ ᠤᠨ ᠤᠯᠠᠭᠠᠨᠴᠠᠪ ᠤᠨ ᠬᠤᠳᠠᠯᠳᠤᠭᠠᠨ ᠤ ᠡᠪᠯᠡᠯ ᠢ ᠰᠤᠷᠪᠤᠯᠵᠢᠯᠠᠵᠤ᠂ ᠶᠢᠨ ᠵᠢᠩ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠤᠮᠠᠷᠠᠲᠤ ᠶᠢᠨ ᠬᠠᠭᠤᠷᠠᠢ ᠭᠠᠷᠠᠮ ᠤᠨ ᠮᠣᠩᠭᠤᠯ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠲᠥᠯᠥᠭᠡᠯᠡᠭᠴᠢᠳ ᠠᠶᠢᠯᠴᠢᠯᠠᠯ ᠤᠨ ᠦᠢᠯᠡ ᠶᠠᠪᠤᠴᠠ ᠨᠢ ᠠᠪᠰᠠᠷᠬᠠᠨ᠂ ᠪᠣᠳᠠᠲᠤ ᠠᠵᠢᠯᠯᠠᠭ᠎ᠠ ᠶᠢ  ᠡᠷᠬᠢᠮᠯᠡᠨ  ᠦᠨᠳᠤᠷ  ᠪᠦᠳᠦᠮᠵᠢᠲᠠᠢ ᠲᠠᠢ ᠪᠠᠶᠢᠵᠤ᠂ ᠤᠯᠠᠭᠠᠨᠴᠠᠪ  ᠬᠤᠲᠠ ᠪᠤᠯᠤᠨ  ᠮᠣᠩᠭᠤᠯ ᠤᠯᠤᠰ  ᠤᠨ ᠨᠦᠬᠦᠷᠰᠡᠭ ᠬᠠᠮᠲᠤᠷᠠᠯᠴᠠᠭᠠᠨ  ᠤ ᠰᠢᠨ᠎ᠡ  ᠳᠡᠭᠲᠡᠷ  ᠲᠦ  ᠭᠠᠷᠬᠤ  ᠶᠢ  ᠠᠬᠢᠭᠤᠯᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2