ᠵᠠᠩᠭᠠᠨ ᠰᠤᠮᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠲᠤ ᠬᠡᠭᠡᠷ᠎ᠡ ᠭᠠᠯ | ᠬᠡᠷᠡᠭᠯᠡᠬᠦ ᠶᠢ ᠴᠠᠭᠠᠵᠠᠯᠠᠬᠤ ᠲᠤᠬᠠᠢ ᠮᠡᠳᠡᠭᠳᠡᠯ | | ᠡᠯ᠎ᠡ ᠭᠠᠴᠠᠭ᠎ᠠ᠄ | ᠣᠳᠣᠬᠠᠨ ᠳᠤ ᠮᠠᠨ ᠤ ᠰᠤᠮᠤ ᠨᠢᠭᠡᠨᠲᠡ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠨᠤᠲᠤᠭ | ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠵᠤ᠂ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠶᠢᠨ | ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠭᠠᠯ ᠰᠡᠷᠭᠡᠶᠢᠯᠡᠬᠦ ᠬᠤᠭᠤᠴᠠᠭᠠᠨ ᠳᠤ᠂ ᠪᠣᠢ ᠪᠦᠬᠦᠢ ᠨᠤᠲᠤᠭ ᠪᠡᠯᠴᠢᠭᠡᠷ ᠲᠤ ᠬᠡᠭᠡᠷ᠎ᠡ ᠭᠠᠳᠠᠨ᠎ᠠ ᠭᠠᠯ | ᠬᠡᠷᠡᠭᠯᠡᠬᠦ ᠶᠢ ᠴᠠᠭᠠᠵᠠᠯᠠᠨ᠎ᠠ | 1. ᠠᠯᠢᠪᠠ ᠭᠠᠯ ᠤᠨ ᠲᠥᠷᠥᠯ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠳᠤ ᠣᠷᠣᠬᠤ ᠶᠢ | ᠴᠠᠭᠠᠵᠠᠯᠠᠨ᠎ᠠ ᠃ | 2. ᠲᠠᠯ᠎ᠠ ᠨᠤᠲᠤᠭ ᠲᠤ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠣᠩᠭᠤᠨ ᠳᠡᠭᠡᠷ᠎ᠡ ᠴᠠᠭᠠᠰᠤ | ᠰᠢᠲᠠᠭᠠᠬᠤ᠂ ᠬᠦᠵᠢ ᠵᠤᠯᠠ ᠠᠰᠠᠭᠠᠬᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ ᠃ | 3. ᠡᠯ᠎ᠡ ᠭᠠᠴᠠᠭ᠎ᠠ ᠨᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠲᠣᠭᠤᠷᠢᠭ ᠲᠤ ᠣᠷᠣᠬᠤ | ᠲᠡᠷᠭᠡ ᠬᠥᠰᠬᠡ ᠪᠣᠯᠤᠨ ᠬᠥᠮᠦᠨ ᠳᠤ ᠭᠠᠯ ᠰᠡᠷᠭᠡᠶᠢᠯᠡᠬᠦ ᠪᠠᠶᠢᠴᠠᠭᠠᠯᠲᠠ ᠬᠢᠵᠦ᠂ ᠭᠠᠯ ᠰᠡᠷᠭᠡᠶᠢᠯᠡᠬᠦ ᠲᠣᠭᠲᠠᠭᠠᠯᠠ᠋ᠴᠠ | ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠬᠤ ᠡᠷᠬᠡ ᠲᠠᠢ᠃ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ | ᠲᠣᠭᠤᠷᠢᠭ ᠲᠤ ᠣᠷᠣᠬᠤ ᠨᠢᠭᠡᠴᠡ ᠪᠣᠯᠤᠨ ᠬᠤᠪᠢ ᠬᠥᠮᠦᠨ ᠡᠷᠬᠡᠪᠰᠢ ᠨᠣᠮᠧᠷ ᠢᠶᠠᠨ ᠳᠠᠷᠤᠬᠤ ᠶᠢᠨ ᠬᠠᠮᠲᠤ ᠭᠠᠯ | ᠰᠡᠷᠭᠡᠶᠢᠯᠡᠬᠦ ᠬᠢᠨᠠᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ ᠃ | 4. ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠬᠥᠮᠦᠨ ᠪᠠ ᠢᠷᠭᠡᠨ ᠤ ᠬᠡᠷᠡᠭ ᠤᠨ | ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠥᠮᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠂ | ᠵᠢᠱᠢᠶᠡᠯᠡᠪᠡᠯ ᠳᠡᠭᠡᠷ᠎ᠡ ᠳᠤᠷᠠᠳᠤᠭᠰᠠᠨ ᠬᠥᠮᠦᠰ ᠤᠨ ᠳᠤᠮᠳᠠ ᠭᠠᠯ ᠤᠨ ᠠᠶᠤᠯ ᠭᠠᠷᠪᠠᠯ᠂ ᠬᠠᠷᠠᠭᠠᠯᠵᠠᠨ ᠬᠠᠮᠠᠭᠠᠯᠠᠭᠴᠢ | ᠨᠢ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ ᠃ | 5. ᠭᠠᠯ ᠤᠨ ᠠᠶᠤᠯ ᠬᠢᠯᠪᠠᠷᠬᠠᠨ ᠭᠠᠷᠬᠤ ᠪᠤᠰᠤᠳ ᠦᠢᠯᠡ ᠠᠵᠢᠯᠯᠠᠭ᠎ᠠ ᠶᠢ ᠴᠠᠭᠠᠵᠠᠯᠠᠨ᠎ᠠ᠃ | ᠬᠤᠶᠠᠷ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠳ ᠵᠢᠴᠢ ᠬᠤᠳᠠᠯ ᠢᠶᠠᠷ | ᠮᠡᠳᠡᠭᠦᠯᠵᠦ᠂ ᠳᠤᠷ᠎ᠠ ᠪᠠᠷ ᠢᠶᠠᠨ ᠭᠠᠯ ᠮᠡᠳᠡᠭᠦᠯᠦᠭᠰᠡᠨ ᠳᠤ 《 ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ 》᠂ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠨᠡᠬᠡᠮᠵᠢᠯᠡᠬᠦ ᠠᠷᠭ᠎ᠠ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ 》 ᠵᠡᠷᠭᠡ ᠬᠠᠤᠯᠢ ᠲᠣᠭᠲᠠᠭᠠᠯ ᠳᠦᠷᠢᠮ ᠢ | ᠦᠨᠳᠦᠰᠦᠯᠡᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠭᠬᠦ ᠶᠢᠨ ᠬᠠᠮᠲᠤ ᠬᠠᠮᠢᠶ᠎ᠠ ᠪᠦᠬᠦᠢ ᠬᠥᠮᠦᠰ ᠤᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠰᠤᠮᠤ ᠪᠦᠬᠦ ᠥᠷᠭᠡᠨ ᠣᠯᠠᠨ ᠠᠷᠠᠳ ᠲᠦᠮᠡᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ | ᠢᠳᠡᠪᠬᠢᠲᠡᠢ ᠣᠷᠣᠯᠴᠠᠵᠤ᠂ ᠲᠣᠭᠲᠠᠭᠠᠯ ᠢ ᠤᠬᠠᠮᠰᠠᠷᠠ᠋ᠴᠠ ᠪᠠᠨ ᠰᠠᠬᠢᠵᠤ᠂ ᠮᠠᠨ ᠤ ᠰᠤᠮᠤ ᠶᠢᠨ ᠠᠮᠢ ᠠᠬᠤᠢ ᠶᠢᠨ | ᠡᠬᠢ ᠪᠠᠶᠠᠯᠢᠭ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠢ᠃ ᠶᠠᠮᠠᠷᠪᠠ ᠨᠢᠭᠡᠴᠡ ᠪᠣᠯᠤᠨ ᠬᠤᠪᠢ | ᠬᠥᠮᠦᠨ ᠭᠠᠯ ᠲᠦᠢᠮᠡᠷ ᠭᠠᠷᠤᠮᠠᠭᠴᠠ ᠰᠤᠮᠤ ᠠᠷᠠᠳ ᠤᠨ ᠵᠠᠰᠠᠭ ᠤᠨ ᠣᠷᠳᠣᠨ ᠪᠤᠶᠤ ᠳᠣᠲᠣᠭᠠᠳᠤ ᠶᠢ ᠬᠠᠮᠠᠭᠠᠯᠠᠬᠤ | ᠂ ᠣᠢ ᠡᠪᠡᠰᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠢ᠃ | ᠣᠢ ᠰᠢᠭᠤᠢ ᠲᠠᠯ᠎ᠠ ᠨᠤᠲᠤᠭ ᠤᠨ ᠭᠠᠯ ᠤᠨ ᠠᠶᠤᠯ ᠢ ᠮᠡᠳᠡᠭᠦᠯᠬᠦ ᠤᠲᠠᠰᠤ᠄ 12119 | ᠰᠤᠮᠤᠨ ᠤᠲᠠᠰᠤ᠄ 0474 —5597013 | ᠳᠥᠷᠪᠡᠳ ᠬᠤᠰᠢᠭᠤᠨ ᠤ ᠵᠠᠩᠠᠨ ᠰᠤᠮᠤ ᠶᠢᠨ ᠠᠷᠠᠳ ᠶᠢᠨ ᠵᠠᠰᠠᠭ ᠤᠨ ᠣᠷᠳᠣᠨ | 2024 ᠣᠨ ᠤ 10 ᠰᠠᠷ᠎ᠠ ᠶᠢᠨ 18 ᠤ ᠡᠳᠦᠷ | | | | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |