ᠣᠯᠠᠨ ᠲᠦᠮᠡᠨ ᠳᠤᠯᠠᠭᠠᠮᠵᠢ ᠶᠢᠨ ᠢᠨᠵᠧᠨᠧᠷᠢᠩ ᠬᠦᠷᠳᠡᠨ ᠡᠳ᠋ᠯᠡᠨ᠎ᠡ | | | | ᠡᠨᠡ ᠵᠢᠯ ᠠᠴᠠ ᠨᠡᠰᠢ᠂ ᠮᠠᠨ ᠤ ᠬᠤᠰᠢᠭᠤ《ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ》ᠢᠨᠵᠧᠨᠧᠷᠢᠩ ᠢ ᠶᠡᠬᠡᠪᠡᠷ ᠠᠬᠢᠭᠤᠯᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ | ᠪᠠᠲᠤᠯᠠᠵᠤ᠂《ᠳᠤᠯᠠᠭᠠᠮᠵᠢ ᠶᠢᠨ ᠢᠨᠵᠧᠨᠧᠷᠢᠩ》 ᠤᠨ ᠴᠢᠬᠤᠯᠠ ᠪᠦᠷᠢᠯᠳᠦᠬᠦᠨ ᠪᠣᠯᠤᠭᠰᠠᠨ ᠤ ᠬᠤᠪᠢ ᠳᠤ᠂ ᠤᠭ | ᠲᠥᠰᠦᠯ ᠱᠠᠲᠤ ᠦᠶ᠎ᠡ ᠶᠢᠨ ᠴᠢᠨᠠᠷᠲᠠᠢ ᠠᠮᠵᠢᠯᠲᠠ ᠳᠤ ᠬᠦᠷᠦᠭᠰᠡᠨ ᠪᠠᠶᠢᠨ᠎ᠠ᠃ | ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ《ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ》ᠳᠤᠯᠠᠭᠠᠮᠵᠢ ᠶᠢᠨ ᠢᠨᠵᠧᠨᠧᠷᠢᠩ ᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ | ᠠᠳᠬᠤᠵᠤ ᠪᠣᠢ᠃ 2024 ᠣᠨ ᠳᠤ ᠪᠦᠬᠦ ᠬᠤᠰᠢᠭᠤᠨ ᠤ《ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ》ᠢᠨᠵᠧᠨᠧᠷᠢᠩ ᠳᠤ ᠨᠡᠶᠢᠲᠡ 2.7983 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | 16120 ᠡᠷᠦᠬᠡ ᠬᠤᠯᠪᠣᠭᠳᠠᠵᠤ᠂ 118 ᠺᠢᠯᠤᠮᠧᠲᠷ ᠤᠨ 10 ᠺᠢᠯᠤᠸᠤᠯᠲ ᠤᠨ ᠴᠠᠬᠢᠯᠭᠠᠨ ᠱᠤᠭᠤᠮ ᠢ ᠰᠢᠨ᠎ᠡ | ᠪᠠᠷ ᠪᠠᠶᠢᠭᠤᠯᠤᠭᠰᠠᠨ ᠪᠠ ᠥᠭᠡᠷᠡᠴᠢᠯᠡᠨ ᠵᠠᠰᠠᠵᠤ᠂ 0.4 ᠺᠢᠯᠤᠸᠤᠯᠲ ᠤᠨ ᠴᠠᠬᠢᠯᠭᠠᠨ ᠱᠤᠭᠤᠮ ᠢ 494 | ᠺᠢᠯᠤᠮᠧᠲᠷ ᠰᠢᠨ᠎ᠡ ᠪᠠᠷ ᠪᠠᠶᠢᠭᠤᠯᠵᠤ᠂ 14442 ᠴᠠᠬᠢᠯᠭᠠᠨ ᠪᠠᠭᠠᠨ᠎ᠠ ᠪᠤᠰᠬᠠᠵᠤ᠂ 805 ᠬᠦᠴᠦᠳᠡᠯ | ᠥᠭᠡᠷᠡᠴᠢᠯᠡᠭᠴᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ 15002 ᠬᠡᠰᠡᠭ ᠴᠠᠬᠢᠯᠭᠠᠨ ᠤ | ᠬᠡᠮᠵᠢᠭᠦᠷ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ᠃ | 《ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ》ᠢᠨᠵᠧᠨᠧᠷᠢᠩ ᠢ ᠬᠡᠷᠡᠭᠵᠢᠭᠦᠯᠬᠦ ᠨᠢ ᠨᠠᠮ ᠪᠠ | ᠵᠠᠰᠠᠭ ᠤᠨ ᠣᠷᠳᠣᠨ ᠤ ᠨᠢᠭᠡ ᠵᠦᠢᠯ ᠤᠨ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ | ᠢᠨᠵᠧᠨᠧᠷᠢᠩ ᠪᠣᠯᠬᠤ ᠪᠥᠭᠡᠳ ᠪᠠᠰᠠ ᠬᠥᠬᠡᠮᠳᠦᠭ ᠠᠭᠠᠷ ᠬᠥᠬᠡ ᠣᠭᠲᠠᠷᠭᠤᠢ ᠶᠢ ᠬᠠᠮᠠᠭᠠᠯᠠᠬᠤ ᠲᠡᠶᠢᠨ ᠳᠤ | ᠢᠯᠠᠯᠲᠠ ᠣᠯᠬᠤ ᠠᠮᠢ ᠠᠬᠤᠢ ᠶᠢᠨ ᠢᠨᠵᠧᠨᠧᠷᠢᠩ ᠪᠣᠯᠤᠨ᠎ᠠ᠃ ᠮᠠᠨ ᠤ ᠬᠤᠰᠢᠭᠤ《ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ》ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ ᠠᠷᠠᠳ ᠣᠯᠠᠨ ᠤ ᠡᠪᠦᠯ ᠤᠨ | ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠳᠤᠯᠠᠭᠠᠯᠠᠭ᠎ᠠ ᠶᠢᠨ ᠥᠪᠡᠷ ᠤᠨ ᠥᠷᠲᠡᠭ ᠢ ᠪᠠᠭᠠᠰᠬᠠᠵᠤ᠂ | ᠡᠪᠦᠯ ᠤᠨ ᠤᠯᠠᠷᠢᠯ ᠤᠨ ᠠᠶᠤᠯᠭᠦᠢ ᠳᠤᠯᠠᠭᠠᠯᠠᠭ᠎ᠠ ᠪᠠ ᠴᠡᠪᠡᠷ ᠳᠤᠯᠠᠭᠠᠯᠭ᠎ᠠ ᠶᠢ ᠪᠡᠶᠡᠯᠡᠭᠦᠯᠵᠦ᠂ ᠠᠷᠠᠳ ᠣᠯᠠᠨ ᠤ | ᠠᠮᠢᠳᠤᠷᠠᠯ ᠢ ᠨᠡᠩ ᠵᠣᠯ ᠵᠢᠷᠭᠠᠯᠲᠠᠢ᠂ ᠨᠡᠩ ᠪᠠᠲᠤᠯᠠᠭ᠎ᠠ ᠲᠠᠢ ᠪᠤᠯᠭᠠᠭᠰᠠᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠴᠧᠨ ᠯᠢᠨ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |