ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠤᠯ ᠤᠨ ᠳᠡᠳ᠋ ᠳᠠᠷᠤᠭ᠎ᠠ᠂ ᠮᠠᠨ ᠤ | ᠬᠤᠰᠢᠭᠤᠨ ᠳᠤ ᠲᠤᠭᠤᠷᠢᠨ ᠪᠠᠶᠢᠴᠠᠭᠠᠯᠲᠠ ᠬᠢᠭᠰᠡᠨ | | 10 ᠰᠠᠷ᠎ᠠ ᠶᠢᠨ 18 ᠤ ᠡᠳᠦᠷ᠂ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠤᠯ ᠤᠨ ᠳᠡᠳ᠋ | ᠳᠠᠷᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠵᠠᠬᠢᠷᠤᠯ | ᠸᠠᠩ ᠷᠦ᠋ ᠫᠧᠩ᠂ ᠮᠠᠨ ᠤ ᠬᠤᠰᠢᠭᠤᠨ ᠳᠤ ᠢᠷᠡᠵᠦ ᠠᠵᠢᠯ ᠤᠨ ᠲᠤᠭᠤᠷᠢᠨ ᠪᠠᠶᠢᠴᠠᠭᠠᠯᠲᠠ ᠬᠢᠵᠦ᠂ ᠥᠪᠡᠷᠲᠡᠭᠡᠨ | ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠪᠠᠶᠢᠩᠭᠤ ᠶᠢᠨ ᠳᠡᠳ᠋ ᠳᠠᠷᠤᠭ᠎ᠠ ᠶᠠᠩ ᠹᠧᠩ ᠢ᠂ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠬᠠᠢ | ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠡᠦ ᠰᠢᠨ ᠢᠦᠢ ᠵᠢᠴᠢ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠷ᠎ᠠ ᠪᠣᠯᠵᠤ ᠲᠤᠭᠤᠷᠢᠨ ᠪᠠᠶᠢᠴᠠᠭᠠᠯᠲᠠ ᠬᠢᠭᠰᠡᠨ ᠪᠠᠶᠢᠨ᠎ᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠩᠭᠤᠷ ᠮᠣᠩᠭᠤᠯ | ᠦᠨᠳᠦᠰᠦᠲᠡᠨ ᠤ ᠪᠠᠭ᠎ᠠ ᠰᠤᠷᠭᠠᠭᠤᠯᠢ᠂ ᠬᠤᠪᠢᠯᠭᠠᠨ ᠵᠠᠪᠢ ᠲᠠᠪᠤᠳᠤᠭᠠᠷ ᠨᠣᠮᠧᠷᠲᠦ ᠶᠢᠨ ᠪᠠᠭᠤᠯᠲᠠ ᠶᠢᠨ ᠭᠠᠵᠠᠷ᠂ | ᠵᠠᠩᠭᠠᠨ ᠰᠤᠮᠤᠨ ᠤ ᠬᠢᠯᠢ ᠶᠢᠨ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠬᠤ ᠶᠡᠭᠡ ᠠᠩᠭᠢ ᠶᠢᠨ ᠤᠯᠠᠭᠠᠨ | ᠵᠠᠭᠠᠯᠮᠠᠶᠢᠳᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ | ᠭᠠᠵᠠᠷ ᠢᠶᠠᠷ ᠭᠦᠨᠵᠡᠭᠡᠶᠢᠷᠡᠵᠦ᠂ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠭᠠᠵᠠᠷ᠂ | 《ᠲᠦᠭᠡᠮᠡᠯ ᠬᠠᠶᠢᠷ᠎ᠠ ᠭᠡᠷ ᠣᠷᠣᠨ》ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠨᠠᠷᠢᠨ ᠨᠢᠮᠪᠠᠢ ᠣᠶᠢᠯᠠᠭᠠᠭᠰᠠᠨ ᠪᠥᠭᠡᠳ《ᠠᠷᠠᠳ ᠤᠨ ᠵᠢᠱᠢᠶᠡᠴᠢ - ᠲᠦᠭᠦᠶᠢᠮᠠ | ᠨᠠᠰᠤᠲᠠᠨ》《ᠲᠤᠰᠠᠯᠠᠬᠤ ᠠᠵᠢᠯᠯᠠᠭ᠎ᠠ》 ᠶᠢᠨ ᠠᠰᠢᠭ ᠬᠦᠷᠲᠡᠭᠴᠢ ᠲᠠᠮᠷᠢᠨᠵᠠᠪ ᠪᠣᠯᠤᠨ ᠬᠢᠯᠢ ᠬᠢᠵᠠᠭᠠᠷ ᠢ ᠰᠠᠬᠢᠵᠤ | ᠬᠠᠮᠠᠭᠠᠯᠠᠬᠤ ᠮᠠᠯᠴᠢᠳ ᠤᠨ ᠲᠥᠯᠥᠭᠡᠯᠡᠭᠴᠢ ᠬᠠᠰᠪᠢᠯᠢᠭ᠌ ᠢ ᠲᠤᠬᠤᠨᠢᠭᠤᠯᠤᠭᠰᠠᠨ ᠪᠠᠶᠢᠨ᠎ᠠ ᠃ | ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠤ《ᠲᠦᠭᠡᠮᠡᠯ ᠬᠠᠶᠢᠷ᠎ᠠ ᠭᠡᠷ | ᠣᠷᠣᠨ》ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤᠮᠳᠠᠬᠢ《ᠠᠷᠠᠳ ᠲᠤ ᠳᠥᠭᠦᠮ | ᠦᠵᠡᠭᠦᠯᠵᠦ ᠬᠠᠮᠲᠤᠪᠠᠷ ᠬᠦᠷᠲᠡᠬᠦ ᠦᠢᠯᠡᠴᠢᠯᠡᠭᠡᠨ ᠤ ᠥᠷᠲᠡᠭᠡ》《ᠪᠠᠴᠢᠮ ᠪᠠᠶᠢᠳᠠᠯ ᠢ ᠠᠷᠭᠠᠴᠠᠵᠤ ᠠᠪᠤᠷᠠᠬᠤ | ᠪᠣᠯᠪᠠᠰᠣᠷᠠᠭᠤᠯᠤᠯ ᠤᠨ ᠲᠣᠭᠲᠠᠴᠠ》 ᠶᠢᠨ ᠣᠨᠴᠠᠯᠢᠭᠲᠤ ᠠᠷᠭ᠎ᠠ ᠪᠠᠷᠢᠯ ᠢ ᠭᠦᠢᠴᠡᠳ ᠨᠤᠲᠠᠯᠠᠵᠤ᠂ ᠳᠥᠷᠪᠡᠳ | ᠬᠤᠰᠢᠭᠤ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ | ᠭᠦᠨᠵᠡᠭᠡᠢ ᠦᠢᠯᠡᠳᠦᠯᠭᠡᠵᠢᠭᠦᠯᠦᠨ᠂ 《ᠬᠥᠮᠦᠡᠯᠢᠭ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ》ᠤᠯᠠᠭᠠᠨ | ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠬᠦ ᠶᠢ ᠬᠦᠰᠡᠭᠰᠡᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠤᠷᠤᠨ᠎ᠠ ᠢᠦᠢ ᡁᠢ ᠹᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |