ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠤᠭᠰᠠᠨ | | | | 10 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠᠶᠢᠨ᠎ᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠤᠨ 2024 ᠣᠨ ᠤ ᠭᠤᠣᠯᠳᠠᠯᠭ᠎ᠠ ᠲᠠᠢ | ᠠᠵᠢᠯ ᠢ ᠠᠬᠢᠭᠤᠯᠬᠤ ᠬᠤᠷᠠᠯ ᠪᠠ ᠪᠦᠬᠦ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ | ᠳᠠᠶᠢᠴᠢᠯᠠᠬᠤ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠦᠯᠭᠦᠢ ᠦᠢᠯᠡᠳᠪᠦᠷᠢᠯᠡᠯ ᠵᠡᠷᠭᠡ | ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠤᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠤᠷᠢᠯᠭ᠎ᠠ ᠪᠠᠷ ᠬᠤᠷᠠᠯ ᠳᠤ ᠰᠤᠯᠠ ᠤᠷᠤᠯᠴᠠᠵᠤ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠡᠯ᠎ᠡ ᠪᠠᠶᠢᠩᠭᠤ ᠶᠢᠨ ᠭᠡᠰᠢᠭᠦᠳ | ᠬᠤᠷᠠᠯ ᠳᠤ ᠤᠷᠤᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠴᠧᠩ ᠭᠤᠸᠠᠩ ᠡᠾᠦ᠋ᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ | ᠡᠯ᠎ᠡ ᠬᠤᠰᠢᠭᠤ ᠳᠡᠳ᠋ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ | ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |