ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | | 10 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ | ᠴᠧᠩ ᠤᠨ 2024 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠪᠠ ᠪᠦᠬᠦ ᠣᠷᠣᠨ ᠤ ᠲᠣᠭᠤᠷᠢᠨ | ᠪᠠᠶᠢᠴᠠᠭᠠᠬᠤ ᠠᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ | ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯ ᠦᠭᠡᠢ ᠦᠢᠯᠡᠳᠪᠦᠷᠢᠯᠡᠯ ᠵᠡᠷᠭᠡ | ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠪᠠ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ | ᠪᠥᠬᠦ ᠲᠠᠯ᠎ᠠ ᠪᠠᠷ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠲᠤᠯᠭᠠᠮ᠎ᠠ ᠰᠡᠳᠬᠢᠯᠭᠡ ᠪᠠᠷ ᠵᠢᠭᠰᠠᠭᠠᠨ ᠪᠠᠶᠢᠴᠠᠭᠠᠵᠤ | ᠪᠠᠶᠢᠳᠠᠯ ᠢ ᠣᠶᠢᠯᠠᠭᠠᠬᠤ ᠶᠢ ᠪᠦᠬᠦ ᠲᠠᠯ᠎ᠠ ᠪᠠᠷ ᠣᠨᠣᠪᠴᠢᠲᠠᠢ ᠥᠷᠨᠢᠭᠦᠯᠵᠦ᠂ ᠣᠷᠣᠯᠭ᠎ᠠ ᠶᠢᠨ ᠲᠥᠰᠦᠭᠡᠯᠡᠨ ᠪᠣᠳᠣᠬᠤ ᠶᠢ | ᠴᠢᠩᠭ᠎ᠠ ᠪᠥᠭᠡᠳ ᠬᠡᠷᠡᠭᠵᠢᠭᠦᠯᠪᠡᠰᠦ ᠵᠣᠬᠢᠬᠤ ᠶᠢ ᠨᠢ ᠪᠦᠷᠢᠨ ᠥᠭᠴᠦ᠂ ᠬᠡᠪᠴᠢᠶᠡᠲᠦ ᠴᠢᠨᠠᠷᠲᠠᠢ ᠳᠠᠬᠢᠨ ᠶᠠᠳᠠᠭᠤᠷᠠᠬᠤ | ᠬᠢᠵᠠᠭᠠᠷ ᠱᠤᠭᠤᠮ ᠢ ᠡᠷᠡᠰ ᠰᠠᠬᠢᠵᠤ ᠰᠠᠬᠢᠬᠤ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠡᠷᠲᠡ ᠠᠴᠠ ᠤᠷᠢᠳᠴᠢᠯᠠᠨ ᠰᠡᠷᠡᠮᠵᠢᠯᠡᠭᠦᠯᠵᠦ᠂ ᠡᠷᠲᠡ ᠭᠠᠷ | ᠲᠥᠷᠥᠵᠦ᠂ ᠡᠷᠲᠡ ᠬᠠᠪᠰᠤᠷᠤᠨ ᠲᠡᠳᠬᠦᠵᠦ᠂ ᠣᠷᠣᠯᠭ᠎ᠠ ᠶᠢᠨ ᠬᠢᠷᠢ ᠬᠡᠮᠵᠢᠶ᠎ᠡ ᠶᠢᠨ ᠦᠷᠭᠦᠯᠵᠢᠯᠡᠨ ᠨᠡᠮᠡᠭᠳᠡᠬᠦ ᠶᠢ ᠦᠨᠡᠨᠬᠦ | ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠡᠭᠦᠷᠭᠡᠯᠡᠯ ᠢ ᠬᠥᠩᠭᠡᠷᠡᠭᠦᠯᠬᠦ ᠶᠢᠨ ᠲᠤᠰᠠᠳᠠ᠂ ᠡᠯ᠎ᠡ ᠱᠠᠲᠤᠨ ᠤ ᠡᠯ᠎ᠡ | ᠲᠥᠷᠥᠯ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠲᠠᠨᠢᠵᠤ᠂ ᠵᠦᠢᠯ | ᠳᠠᠷᠠᠭᠠᠯᠠᠨ ᠬᠤᠷᠢᠶᠠᠩᠭᠤᠶᠢᠯᠠᠨ ᠡᠮᠬᠢᠯᠡᠵᠦ᠂ ᠨᠢᠭᠡᠳᠦᠯᠲᠡᠢ ᠬᠠᠷᠢᠭᠤ ᠲᠤᠰᠬᠠᠵᠤ᠂ ᠪᠦᠬᠦ ᠲᠠᠯ᠎ᠠ ᠪᠠᠷ ᠲᠦᠢᠯ ᠤᠨ | ᠣᠨᠣᠪᠴᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠡᠵᠡᠮᠳᠡᠵᠦ᠂ | ᠬᠤᠰᠢᠭᠤ ᠱᠠᠲᠤᠨ ᠤ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠨᠢ ᠪᠠᠯᠭᠠᠰᠤ ᠪᠠᠷ ᠵᠢᠭᠠᠨ ᠵᠢᠯᠣᠭᠤᠳᠴᠤ᠂ | ᠳᠠᠭᠠᠭᠠᠴᠢᠯᠠᠨ ᠬᠤᠯᠪᠣᠭᠠᠯᠠᠬᠤ ᠪᠠᠶᠢᠭᠤᠯᠤᠯᠭ᠎ᠠ ᠨᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠤᠮᠤ ᠰᠢᠶᠠᠩ | ᠪᠠᠯᠭᠠᠰᠤ ᠨᠢ ᠣᠶᠤᠨ ᠴᠢᠳᠠᠯ ᠢᠶᠠᠨ ᠲᠥᠪᠯᠡᠷᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠬᠤᠰᠢᠭᠤ ᠶᠢ ᠴᠢᠨᠠᠷ ᠰᠠᠶᠢᠲᠠᠢ ᠪᠣᠢ ᠪᠣᠯᠭᠠᠵᠤ᠂ ᠤᠯᠤᠰ ᠤᠨ ᠪᠠᠶᠢᠴᠠᠭᠠᠵᠤ ᠰᠢᠯᠭᠠᠨ ᠠᠪᠬᠤ ᠳᠤᠮᠳᠠ | ᠰᠢᠯᠭᠠᠯᠲᠠ ᠶᠢ ᠳᠠᠭᠠᠭᠠᠵᠤ᠂ ᠰᠠᠶᠢᠨ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ᠃ ᠠᠶᠤᠯ ᠥᠬᠡᠢ ᠦᠢᠯᠡᠳᠪᠦᠷᠢᠯᠡᠯ ᠳᠤ | ᠶᠠᠮᠠᠷᠪᠠ ᠠᠵᠠ ᠬᠠᠶᠢᠬᠤ ᠪᠣᠳᠣᠯ ᠰᠠᠨᠠᠭ᠎ᠠ ᠪᠠᠶᠢᠬᠤ ᠥᠬᠡᠢ ᠪᠣᠯ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠲᠠᠶᠢᠪᠤᠰᠢᠷᠠᠨ ᠰᠠᠨᠠᠭ᠎ᠠ ᠠᠮᠤᠷ ᠰᠠᠭᠤᠵᠤ ᠪᠣᠯᠬᠤ ᠥᠬᠡᠢ᠂ ᠰᠢᠮᠳᠠᠭᠤᠯᠤᠨ ᠪᠠᠶᠢᠴᠠᠭᠠᠬᠤ | ᠡᠷᠴᠢᠮ ᠢᠶᠠᠨ ᠨᠡᠮᠡᠭᠳᠡᠭᠦᠯᠵᠦ᠂ ᠳᠠᠯᠳᠠ ᠭᠡᠮ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ᠳᠥᠷᠪᠡᠳᠦᠭᠡᠷ | ᠤᠯᠠᠷᠢᠯ ᠤᠨ ᠠᠵᠢᠯ ᠢ ᠬᠦᠴᠦᠲᠡᠢ ᠠᠳᠬᠤᠵᠤ᠂ ᠶᠠᠷᠢᠵᠤ ᠪᠠᠶᠢᠭ᠎ᠠ ᠲᠥᠷᠥᠯ ᠵᠦᠢᠯ ᠢ ᠠᠯᠳᠠᠯ ᠦᠭᠡᠢ ᠠᠩᠬᠠᠷᠴᠤ᠂ | ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠬᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ | ᠣᠨ ᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠪᠠᠶᠢᠩᠭᠤ ᠶᠢᠨ ᠭᠡᠰᠢᠭᠦᠳ | ᠬᠤᠷᠠᠯ ᠳᠤ ᠣᠷᠣᠯᠴᠠᠵᠠᠢ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠴᠧᠩ ᠭᠤᠸᠠᠩ ᠬᠦᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ | ᠡᠯ᠎ᠡ ᠬᠤᠰᠢᠭᠤ ᠳᠡᠳ᠋ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ | ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |