ᠬᠤᠸᠠᠢ ᠷᠸᠦ ᠲᠣᠭᠤᠷᠢᠭ ᠤᠨ ᠶᠠᠩ ᠰᠥᠩ ᠪᠠᠯᠭᠠᠰᠤ ᠪᠣᠯᠤᠨ ᠳᠥᠷᠪᠡᠳ ᠬᠤᠰᠢᠭᠤᠨ ᠤ ᠳ᠋ᠦᠩ ᠪᠠ ᠬᠤᠣ | ᠰᠢᠶᠠᠩ ᠤᠨ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠬᠤ ᠠᠵᠢᠯ ᠤᠨ ᠶᠠᠷᠢᠯᠴᠠᠬᠤ ᠬᠤᠷᠠᠯ | ᠬᠢᠭᠰᠡᠨ | | 2024 ᠣᠨ ᠤ 10 ᠰᠠᠷ᠎ᠠ ᠶᠢᠨ 17 ᠤ ᠡᠳᠦᠷ᠂ ᠬᠤᠸᠠᠢ ᠷᠸᠦ ᠲᠣᠭᠤᠷᠢᠭ ᠤᠨ ᠶᠠᠩ ᠰᠥᠩ ᠪᠠᠯᠭᠠᠰᠤ | ᠪᠣᠯᠤᠨ ᠳᠥᠷᠪᠡᠳ ᠬᠤᠰᠢᠭᠤᠨ ᠤ ᠳ᠋ᠦᠩ ᠪᠠ ᠬᠤᠣ ᠰᠢᠶᠠᠩ ᠤᠨ ᠵᠡᠭᠦᠨ ᠪᠠᠷᠠᠭᠤᠨ ᠬᠡᠰᠡᠭ ᠤᠨ ᠬᠠᠮᠵᠢᠯᠴᠠᠭᠠᠨ ᠤ | ᠠᠵᠢᠯ ᠤᠨ ᠶᠠᠷᠢᠯᠴᠠᠬᠤ ᠬᠤᠷᠠᠯ ᠳ᠋ᠦᠩ ᠪᠠ ᠬᠤᠣ ᠰᠢᠶᠠᠩ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠬᠤᠶᠠᠷ | ᠭᠠᠵᠠᠷ ᠤᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢᠭᠡ ᠲᠠᠩᠬᠢᠮ ᠳᠤ | ᠴᠤᠭᠯᠠᠷᠠᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠡᠮᠵᠢᠶ᠎ᠡ ᠶᠢ | ᠬᠠᠮᠲᠤᠪᠠᠷ ᠰᠤᠳᠤᠯᠤᠨ ᠶᠠᠷᠢᠯᠴᠠᠵᠠᠢ᠃ | | | | | | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠣᠶᠢᠷ᠎ᠠ ᠶᠢᠨ ᠵᠢᠯ ᠠᠴᠠ ᠨᠡᠰᠢ ᠵᠡᠭᠦᠨ ᠪᠠᠷᠠᠭᠤᠨ | ᠣᠷᠣᠨ ᠤ ᠬᠠᠮᠵᠢᠯᠴᠠᠭᠠᠨ ᠳᠤ ᠣᠯᠤᠭᠰᠠᠨ ᠡᠯᠪᠡᠭ ᠳᠡᠯᠪᠡᠭ ᠦᠷ᠎ᠡ ᠪᠦᠲᠦᠭᠡᠯ ᠢ ᠡᠷᠭᠢᠴᠡᠭᠦᠯᠵᠡᠢ᠃ ᠬᠠᠮᠵᠢᠯᠴᠠᠭ᠎ᠠ | ᠦᠷᠨᠢᠭᠦᠯᠦᠭᠰᠡᠨ ᠠᠴᠠ ᠨᠡᠰᠢ᠂ ᠶᠠᠩ ᠰᠥᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠳᠡᠮᠵᠢᠯᠭᠡ ᠪᠠ ᠬᠠᠪᠰᠤᠷᠤᠯᠭ᠎ᠠ ᠪᠠᠷ ᠵᠡᠭᠦᠨ ᠨᠠᠢᠮᠠᠳᠤᠭᠠᠷ ᠨᠣᠮᠧᠷᠲᠦ ᠰᠢᠶᠠᠩ ᠤᠨ ᠰᠠᠭᠤᠷᠢ ᠲᠥᠬᠦᠭᠡᠷᠦᠮᠵᠢ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠡᠯ᠎ᠡ ᠲᠥᠷᠥᠯ ᠤᠨ | ᠦᠢᠯᠡᠰ ᠢᠯᠡᠳᠲᠡ ᠠᠮᠵᠢᠯᠲᠠ ᠣᠯᠵᠠᠢ᠃ | | | | | | ᠶᠠᠩ ᠰᠥᠩ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ ᠢᠦᠢ ᠵᠢᠶᠦ᠋ᠨ | ᠱᠧᠩ ᠬᠡᠯᠡᠭᠰᠡᠨ ᠨᠢ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ ᠪᠣᠯ ᠨᠢᠭᠡᠨ ᠴᠢᠬᠤᠯᠠ ᠶᠡᠭᠡ | ᠤᠯᠤᠰ ᠲᠥᠷᠥ ᠶᠢᠨ ᠡᠭᠦᠷᠭᠡ ᠮᠥᠨ᠂ ᠶᠠᠩ ᠰᠥᠩ ᠵᠧᠨ ᠥᠩᠭᠡᠷᠡᠭᠰᠡᠨ ᠲᠠᠢ ᠪᠠᠨ ᠠᠳᠠᠯᠢ ᠪᠠᠷ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ᠂ ᠬᠠᠪᠰᠤᠷᠤᠨ ᠲᠡᠳᠬᠦᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠨ᠎ᠠ᠃ | ᠢᠷᠡᠭᠡᠳᠦᠢ ᠳᠤ᠂ ᠠᠵᠤ ᠦᠢᠯᠡᠰ ᠤᠨ ᠬᠠᠮᠵᠢᠯᠴᠠᠭ᠎ᠠ ᠶᠢ ᠤᠯᠠᠮ ᠴᠢᠩᠭᠠᠳᠬᠠᠨ᠂ ᠵᠡᠭᠦᠨ ᠨᠠᠢᠮᠠᠳᠤᠭᠠᠷ ᠨᠤᠲᠤᠭ ᠤᠨ | ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠨᠡᠩ ᠣᠯᠠᠨ | ᠠᠵᠤ ᠠᠬᠤᠶᠢᠯᠠᠯ ᠢ ᠳ᠋ᠦ᠋ᠩ ᠪᠠ ᠬᠤᠣ ᠰᠢᠶᠠᠩ ᠳᠤ ᠪᠡᠯᠡ ᠣᠷᠣᠭᠤᠯᠤᠨ ᠦᠢᠯᠡᠰ ᠪᠣᠰᠬᠠᠵᠤ ᠠᠵᠤ ᠦᠢᠯᠡᠰ ᠤᠨ | ᠤᠶᠠᠯᠳᠤᠯ ᠢ ᠠᠬᠢᠭᠤᠯᠤᠨ᠎ᠠ᠃ ᠡᠭᠦᠨ ᠤ ᠬᠠᠮᠲᠤ ᠴᠢᠳᠠᠪᠤᠷᠢᠲᠠᠨ ᠤ ᠰᠣᠯᠢᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠢᠯᠢᠳᠡᠭ ᠺᠠᠳ᠋ᠷ᠂ ᠲᠤᠰᠬᠠᠢ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠨ᠂ ᠵᠡᠭᠦᠨ ᠨᠠᠢᠮᠠᠳᠤᠭᠠᠷ ᠰᠢᠶᠠᠩ ᠤᠨ ᠬᠥᠭᠵᠢᠯᠲᠡ ᠳᠤ ᠣᠶᠤᠨ ᠤ ᠳᠡᠮᠵᠢᠯᠭᠡ | ᠬᠠᠩᠭᠠᠨ᠎ᠠ᠃ | | ᠳ᠋ᠦ᠋ᠩ ᠪᠠ ᠬᠤᠣ ᠰᠢᠶᠠᠩ ᠤᠨ ᠨᠠᠮ ᠤᠨ ᠬᠤᠷᠢᠶᠠᠨ ᠤ ᠱᠦᠵᠢ ᠴᠠᠩ ᠳ᠋ᠦ᠋ᠩ ᠸᠧᠢ᠂ ᠶᠠᠩ ᠰᠥᠩ | ᠪᠠᠯᠭᠠᠰᠤᠨ ᠤ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠷᠬᠡᠶᠢᠯᠡᠭᠰᠡᠨ ᠪᠥᠭᠡᠳ ᠳ᠋ᠦ᠋ᠩ ᠪᠠ ᠰᠢᠶᠠᠩ | ᠪᠠᠯᠭᠠᠰᠤᠨ ᠤ ᠣᠳᠣᠬᠠᠨ ᠤ ᠬᠥᠭᠵᠢᠯᠲᠡ ᠶᠢᠨ ᠪᠠᠶᠢᠳᠠᠯ ᠪᠣᠯᠤᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ | ᠲᠠᠨᠢᠯᠴᠠᠭᠤᠯᠵᠠᠢ᠃ ᠲᠡᠷᠡ ᠬᠡᠯᠡᠬᠦ ᠳᠡᠭᠡᠨ ᠳ᠋ᠦ᠋ᠩ ᠪᠠ ᠬᠤᠣ ᠰᠢᠶᠠᠩ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ | ᠲᠣᠬᠢᠶᠠᠯ ᠢ ᠠᠰᠢᠭᠯᠠᠵᠤ ᠶᠠᠩ ᠰᠥᠩ ᠪᠠᠯᠭᠠᠰᠤ ᠲᠠᠢ ᠬᠠᠮᠵᠢᠯᠴᠠᠭ᠎ᠠ ᠪᠠᠨ ᠢᠳᠡᠪᠬᠢᠲᠡᠢ ᠠᠰᠢᠭᠯᠠᠨ᠎ᠠ᠃ ᠠᠵᠤ | ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠣᠨᠴᠠᠯᠢᠭᠲᠤ ᠨᠡᠷᠡᠲᠦ ᠲᠡᠮᠳᠡᠭ ᠢ ᠡᠭᠦᠳᠴᠦ᠂ ᠪᠦᠲᠦᠭᠡᠭᠳᠡᠬᠦᠨ ᠤ | ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠠᠬᠢ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠰᠢᠭ ᠬᠦᠷᠲᠡᠬᠦ ᠰᠡᠳᠬᠢᠯᠭᠡ | ᠪᠠ ᠵᠣᠯ ᠵᠢᠷᠭᠠᠯᠲᠤ ᠰᠡᠳᠬᠢᠯᠭᠡ ᠶᠢ ᠦᠨᠡᠨᠬᠦ ᠨᠡᠮᠡᠭᠳᠡᠭᠦᠯᠦᠨ᠎ᠡ᠃ | ᠰᠠᠭᠤᠳᠠᠯ ᠤᠨ ᠬᠤᠷᠠᠯ ᠤᠨ ᠳᠠᠷᠠᠭ᠎ᠠ᠂ ᠬᠤᠶᠠᠷ ᠲᠠᠯ᠎ᠠ ᠪᠠᠷ ᠢᠶᠠᠨ ᠲᠤᠰᠠᠯᠠᠨ ᠲᠡᠳᠬᠦᠬᠦ ᠭᠡᠷ᠎ᠡ | ᠲᠣᠭᠲᠠᠭᠰᠠᠨ ᠤ ᠬᠠᠮᠲᠤ ᠬᠤᠸᠠᠢ ᠷᠸᠦ ᠲᠣᠭᠤᠷᠢᠭ ᠤᠨ ᠶᠠᠩ ᠰᠥᠩ ᠪᠠᠯᠭᠠᠰᠤ ᠪᠣᠯᠤᠨ ᠳᠥᠷᠪᠡᠳ ᠬᠤᠰᠢᠭᠤᠨ ᠤ | ᠳ᠋ᠦ᠋ᠩ ᠪᠠ ᠬᠤᠣ ᠰᠢᠶᠠᠩ ᠤᠨ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠢ ᠬᠠᠪᠰᠤᠷᠤᠨ ᠲᠡᠳᠬᠦᠬᠦ ᠪᠡᠯᠡ | ᠮᠥᠩᠭᠦ ᠶᠢ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠵᠤ᠂ ᠲᠤᠰᠢᠶᠠᠬᠤ ᠬᠦᠯᠢᠶᠡᠨ ᠠᠪᠬᠤ | ᠶᠣᠰᠣᠯᠠᠯ ᠤᠨ ᠳᠠᠷᠠᠭ᠎ᠠ ᠳ᠋ᠦ᠋ᠩ ᠪᠠ ᠬᠤᠣ ᠰᠢᠶᠠᠩ᠂ ᠳ᠋ᠦ᠋ᠩ ᠪᠠ ᠬᠤᠣ ᠰᠢᠶᠠᠩ ᠤᠨ ᠪᠠᠶ᠋ᠬᠤᠪᠤᠭ᠎ᠠ ᠲᠣᠰᠬᠤᠨ ᠨᠢ | ᠲᠣᠰᠪᠣᠷᠢ ᠶᠠᠩ ᠰᠥᠩ ᠪᠠᠯᠭᠠᠰᠤ᠂ ᠶᠠᠩ ᠰᠥᠩ ᠪᠠᠯᠭᠠᠰᠤ᠂ ᠰᠧ ᠵᠢᠢ ᠲᠦᠨ ᠲᠣᠰᠬᠤᠨ᠂ ᠶᠠᠩ ᠰᠥᠩ ᠵᠧᠨ | ᠪᠠᠯᠭᠠᠰᠤᠨ ᠤ ᠵᠢᠶᠧ ᠼᠦᠨ ᠲᠣᠰᠬᠤᠨ ᠳᠤ ᠬᠡᠮᠡᠷᠯᠢᠭ ᠲᠤᠭ ᠡᠷᠭᠦᠵᠡᠢ᠃ | | | | | | | | | | | | | | ᠬᠤᠷᠠᠯ ᠤᠨ ᠳᠠᠷᠠᠭ᠎ᠠ᠂ ᠶᠠᠩ ᠰᠥᠩ ᠪᠠᠯᠭᠠᠰᠤᠨ ᠤ ᠢᠦᠢ ᠵᠢᠶᠦ᠋ᠨ ᠱᠧᠩ ᠪᠠᠯᠭᠠᠰᠤᠨ ᠳᠠᠷᠤᠭ᠎ᠠ ᠨᠠᠷ 《 | ᠵᠢᠷᠭᠤᠭᠠᠨ ᠬᠤᠰᠢᠭᠤᠨ ᠤ ᠬᠤᠯᠪᠣᠭ᠎ᠠ 》 ᠪᠠᠶᠢᠭ᠎ᠠ ᠭᠠᠵᠠᠷ ᠤᠨ ᠪᠠᠶ᠋ᠬᠤᠪᠤᠭ᠎ᠠ ᠲᠣᠰᠬᠤᠨ ᠤ ᠠᠷᠠᠳ ᠤᠨ | ᠵᠥᠪᠯᠡᠯ ᠳᠤ ᠬᠦᠷᠴᠦ ᠪᠣᠳᠠᠲᠠᠢ ᠭᠠᠵᠠᠷ ᠲᠤᠨᠢ ᠲᠣᠭᠤᠷᠢᠨ ᠦᠵᠡᠵᠡᠢ᠃ | ᠲᠤᠰ ᠤᠳᠠᠭᠠᠨ ᠤ ᠰᠠᠭᠤᠳᠠᠯ ᠤᠨ ᠬᠤᠷᠠᠯ ᠢ ᠬᠤᠷᠠᠯᠳᠤᠭᠤᠯᠤᠭᠰᠠᠨ ᠨᠢ ᠬᠤᠸᠠᠢ ᠷᠸᠦ ᠲᠣᠭᠤᠷᠢᠭ ᠤᠨ | ᠶᠠᠩ ᠰᠥᠩ ᠵᠧᠨ ᠪᠠᠯᠭᠠᠰᠤ ᠪᠣᠯᠤᠨ ᠳᠥᠷᠪᠡᠳ ᠬᠤᠰᠢᠭᠤᠨ ᠤ ᠵᠡᠭᠦᠨ ᠨᠠᠢᠮᠠᠳᠤᠭᠠᠷ ᠰᠢᠶᠠᠩ ᠤᠨ ᠵᠡᠭᠦᠨ ᠪᠠᠷᠠᠭᠤᠨ | ᠬᠡᠰᠡᠭ ᠤᠨ ᠬᠠᠮᠵᠢᠯᠴᠠᠭᠠᠨ ᠳᠤ ᠰᠢᠨ᠎ᠡ ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ | ᠡᠨᠡ ᠤᠳᠠᠭᠠᠨ ᠤ ᠰᠠᠭᠤᠳᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠨ᠂ ᠣᠶᠢᠯᠠᠭᠠᠯᠴᠠᠭ᠎ᠠ ᠰᠣᠯᠢᠯᠴᠠᠭ᠎ᠠ ᠪᠠᠨ | ᠤᠯᠠᠮ ᠴᠢᠩᠭᠠᠳᠬᠠᠵᠤ᠂ ᠪᠣᠳᠠᠲᠠᠢ ᠬᠠᠮᠵᠢᠯᠴᠠᠭ᠎ᠠ ᠪᠠᠨ ᠭᠦᠨᠵᠡᠭᠡᠶᠢᠷᠡᠭᠦᠯᠦᠨ᠂ ᠵᠡᠭᠦᠨ ᠪᠠᠷᠠᠭᠤᠨ ᠣᠷᠣᠨ ᠤ | ᠬᠠᠮᠵᠢᠯᠴᠠᠭᠠᠨ ᠤ ᠠᠵᠢᠯ ᠢ ᠰᠢᠨ᠎ᠡ ᠱᠠᠲᠤᠨ ᠳᠤ ᠬᠦᠷᠭᠡᠬᠦ ᠶᠢ ᠬᠠᠮᠲᠤᠪᠠᠷ ᠠᠬᠢᠭᠤᠯᠵᠤ᠂ ᠬᠤᠶᠠᠷ ᠭᠠᠵᠠᠷ ᠤᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |