ᠨᠡᠶᠢᠭᠡᠮ ᠲᠣᠭᠤᠷᠢᠭ ᠤᠨ ᠬᠤᠭᠤᠯᠠᠨ ᠭᠡᠷ ᠠᠷᠠᠳ ᠤᠨ ᠠᠮᠢᠳᠤᠷᠠᠯ ᠢ ᠳᠤᠯᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/10/23
      ᠨᠡᠶᠢᠭᠡᠮ ᠲᠣᠭᠤᠷᠢᠭ ᠤᠨ ᠬᠤᠭᠤᠯᠠᠨ ᠭᠡᠷ ᠠᠷᠠᠳ ᠤᠨ ᠠᠮᠢᠳᠤᠷᠠᠯ ᠢ ᠳᠤᠯᠠᠭᠠᠯᠠᠵᠤ ᠪᠠᠶᠢᠨ᠎ᠠ      ᠨᠠᠰᠤᠲᠠᠶᠢᠴᠤᠳ ᠤᠨ ᠣᠯᠠᠨ ᠳᠡᠰ ᠳᠠᠪᠬᠤᠷᠭ᠎ᠠ᠂ ᠣᠯᠠᠨ ᠶᠠᠩᠵᠤ ᠶᠢᠨ ᠨᠠᠰᠤᠵᠢᠯ ᠤᠨ ᠦᠢᠯᠡᠴᠢᠯᠡᠭᠡᠨ ᠤ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠣᠶᠢᠷ᠎ᠠ ᠶᠢᠨ  ᠵᠢᠯ ᠠᠴᠠ ᠨᠡᠰᠢ᠂ ᠮᠠᠨ ᠤ ᠬᠤᠰᠢᠭᠤ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠨᠠᠰᠤᠲᠠᠳ ᠢ ᠭᠡᠷ ᠤᠨ ᠢᠶᠠᠨ ᠬᠠᠵᠠᠭᠤ ᠳᠤᠨᠢ ᠬᠢᠮᠳᠠ ᠮᠥᠷᠲᠡᠭᠡᠨ ᠳᠥᠭᠦᠮ ᠲᠦᠳᠡ ᠬᠤᠭᠤᠯᠠ ᠤᠮᠳᠠ ᠢᠳᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠰᠡᠳᠬᠢᠯᠭᠡ ᠪᠠ ᠬᠦᠷᠲᠡᠭᠡᠮᠵᠢ ᠶᠢᠨ ᠰᠡᠳᠬᠢᠯᠭᠡ ᠶᠢ ᠦᠷᠭᠦᠯᠵᠢᠯᠡᠨ  ᠳᠡᠭᠡᠭᠰᠢᠯᠡᠭᠦᠯᠵᠦ ᠪᠠᠶᠢᠨ᠎ᠠ ᠃      ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠪᠦᠲᠦᠮᠵᠢᠲᠡᠢ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠵᠤ ᠠᠬᠤᠢ ᠶᠢᠨ ᠪᠣᠳᠠᠲᠠᠢ ᠠᠰᠢᠭ ᠬᠦᠷᠲᠡᠭᠡᠮᠵᠢ ᠣᠯᠭᠤᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠬᠦ ᠶᠢᠨ ᠬᠠᠮᠲᠤ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠣᠭᠤᠷᠢᠭ ᠢ ᠤᠯᠠᠮ ᠨᠢᠭᠡ ᠠᠯᠬᠤᠮ ᠥᠷᠭᠡᠳᠬᠡᠬᠦ ᠪᠣᠯᠤᠨ᠎ᠠ᠃ ᠸᠧᠢ ᠵᠢᠩ ᠵᠠᠮ ᠤᠨ ᠨᠡᠶᠢᠭᠡᠮ ᠲᠣᠭᠤᠷᠢᠭ ᠨᠢ 《 ᠣᠯᠠᠨ ᠲᠦᠮᠡᠨ ᠳᠤ ᠬᠠᠨᠤᠮᠵᠢᠲᠠᠢ ᠪᠠᠶᠢᠯᠭᠠᠬᠤ 》 ᠶᠢ ᠡᠭᠦᠰᠬᠡᠯ ᠪᠠ ᠲᠡᠭᠦᠰᠬᠡᠯ ᠪᠣᠯᠭᠠᠵᠤ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠦᠨᠳᠦᠰᠦᠨ ᠵᠠᠷᠴᠢᠮ ᠢᠶᠠᠷ᠂ ᠨᠡᠶᠢᠭᠡᠮ ᠲᠣᠭᠤᠷᠢᠭ ᠤᠨ 《 ᠵᠢᠵᠢᠭ ᠬᠤᠭᠤᠯᠠᠨ ᠭᠡᠷ 》 ᠢᠶᠠᠷ ᠠᠷᠠᠳ ᠤᠨ ᠠᠮᠢᠳᠤᠷᠠᠯ ᠤᠨ 《 ᠶᠡᠭᠡ ᠬᠦᠴᠢᠷ ᠠᠰᠠᠭᠤᠳᠠᠯ 》 ᠢ ᠰᠢᠢᠳᠪᠦᠷᠢᠯᠡᠵᠦ᠂ ᠠᠷᠠᠳ ᠲᠤ ᠳᠥᠭᠦᠮ ᠲᠦᠳᠡ ᠨᠡᠶᠢᠭᠡᠮ ᠲᠣᠭᠤᠷᠢᠭ ᠤᠨ ᠬᠤᠭᠤᠯᠠᠨ ᠭᠡᠷ ᠢ ᠪᠠᠶᠢᠭᠤᠯᠵᠤ᠂ ᠣᠯᠠᠨ ᠲᠦᠮᠡᠨ ᠳᠤ 《 ᠢᠳᠡᠭᠡᠨ ᠤᠮᠳᠠᠭᠠᠨ ᠤ  ᠠᠮᠲᠠᠯᠠᠬᠤᠢ》  ᠶᠢᠨ  ᠵᠤᠯ  ᠵᠢᠷᠭᠠᠯ ᠢ ᠦᠨᠡᠨ  ᠬᠦ ᠣᠶᠢᠯᠠᠭᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠰᠡᠳᠬᠢᠯᠭᠡ  ᠪᠠ  ᠬᠦᠡᠲᠡᠭᠡᠮᠵᠢ ᠶᠢᠨ ᠰᠡᠳᠬᠢᠯᠭᠡ  ᠶᠢ   ᠳᠡᠭᠡᠭᠰᠢᠯᠡᠭᠦᠯᠵᠦ  ᠪᠠᠶᠢᠨ᠎ᠠ ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠴᠧᠨ ᠯᠢᠨ  ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2