ᠡᠭᠦᠷᠭᠡ ᠲᠤᠰᠢᠶᠠᠯ ᠢᠶᠠᠨ ᠬᠢᠴᠢᠶᠡᠩᠭᠦ᠋ᠯᠡᠨ ᠭᠦᠢᠴᠡᠳᠬᠡᠵᠦ ᠬᠥᠮᠦᠨ ᠤ ᠣᠷᠴᠢᠯᠠᠩ ᠳᠤ ᠬᠠᠶᠢᠷ᠎ᠠ ᠬᠠᠯᠠᠮᠵᠢ | ᠦᠵᠡᠭᠦᠯᠦᠨᠡᠮ | | ᠸᠠᠩ ᠢᠦᠢ ᠴᠢᠨ ᠪᠣᠯ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠢᠭᠡᠨ ᠬᠥᠩᠭᠡᠵᠢᠭᠦᠯᠬᠦ | ᠰᠠᠯᠠᠭᠠᠨ ᠤ ᠡᠮᠴᠢ ᠪᠣᠯᠤᠨ᠎ᠠ᠃ ᠡᠮᠴᠢ ᠪᠣᠯᠤᠭᠰᠠᠨ ᠠᠩᠬᠠᠨ ᠤ ᠡᠳᠤᠷ ᠠᠴᠠ ᠡᠬᠢᠯᠡᠨ ᠨᠢᠭᠡᠨ ᠦᠨᠳᠦᠰᠦᠨ | ᠵᠠᠷᠴᠢᠮ ᠢ ᠪᠠᠷᠢᠮᠲᠠᠯᠠᠵᠤ᠂ ᠨᠢᠭᠡᠨ ᠰᠠᠶᠢᠨ ᠡᠮᠴᠢ ᠪᠣᠯᠬᠤ ᠭᠡᠪᠡᠯ᠂ ᠡᠩ ᠲᠡᠷᠢᠭᠦᠨ ᠳᠤ ᠰᠠᠶᠢᠨ ᠬᠥᠮᠦᠨ ᠪᠣᠯᠬᠤ ᠶᠢ | ᠢᠮᠠᠭᠲᠠ ᠬᠢᠴᠢᠶᠡᠵᠦ ᠶᠠᠪᠤᠭᠰᠠᠨ ᠪᠠᠶᠢᠨ᠎ᠠ ᠃ | 1986 ᠣᠨ ᠳᠤ 21 ᠨᠠᠰᠤᠲᠠᠢ ᠸᠠᠩ ᠢᠦᠢ ᠴᠢᠨ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠳᠤ ᠠᠵᠢᠯ ᠠᠯᠪᠠ ᠶᠢᠨ ᠭᠠᠷᠤᠭ᠎ᠠ ᠠᠪᠴᠤ᠂ ᠠᠳᠡᠬᠢ ᠬᠥᠩᠭᠡᠵᠢᠭᠦᠯᠬᠦ ᠰᠠᠯᠠᠭᠠᠨ ᠤ ᠡᠮᠴᠢ ᠪᠣᠯᠵᠠᠢ᠃ | ᠲᠡᠭᠦᠨ ᠤ ᠠᠵᠢᠯ ᠤᠨ ᠶᠠᠪᠤᠴᠠ ᠳᠤ ᠤᠷᠢᠳ ᠬᠤᠵᠢᠳ 2007 ᠣᠨ ᠳᠤ ᠬᠤᠰᠢᠭᠤ ᠠᠷᠪᠠᠨ ᠬᠤᠶᠠᠳᠤᠭᠠᠷ | ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ 2012 ᠤᠨ ᠠᠴᠠ ᠣᠳᠣ ᠪᠣᠯᠲᠠᠯ᠎ᠠ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠢ ᠡᠭᠦᠷᠭᠡᠯᠡᠨ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠤ ᠬᠤᠪᠢ ᠳᠤ ᠲᠡᠷᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠠᠵᠢᠯ ᠤᠨ | ᠳᠤᠮᠳᠠ ᠪᠠᠨ ᠠᠰᠠᠭᠤᠳᠠᠯ ᠡᠷᠢᠵᠦ᠂ ᠢᠳᠡᠪᠬᠢᠲᠡᠢ ᠠᠷᠭ᠎ᠠ ᠤᠬᠠᠭᠠᠨ ᠭᠠᠷᠭᠠᠵᠤ᠂ ᠰᠠᠨᠠᠯ ᠵᠥᠪᠯᠡᠯᠭᠡ ᠨᠢ | ᠳᠣᠪᠤᠶᠢᠮ᠎ᠠ᠂ ᠲᠥᠯᠥᠭᠡᠯᠡᠬᠦ ᠴᠢᠨᠠᠷᠲᠠᠢ ᠰᠠᠨᠠᠭᠤᠯᠭ᠎ᠠ ᠨᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠨᠡᠶᠢᠴᠡᠵᠦ | ᠂ ᠣᠶᠢᠷ᠎ᠠ ᠶᠢᠨ ᠬᠡᠳᠦᠨ ᠵᠢᠯ ᠳᠤ ᠲᠡᠭᠦᠨ ᠤ ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ | ᠮᠡᠳᠡᠭᠡ ᠵᠠᠩᠭᠢ ᠶᠢ ᠤᠯᠤᠰ ᠲᠥᠷᠥ ᠶᠢᠨ ᠵᠥᠪᠯᠡᠯᠭᠡᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠵᠠᠷᠢᠮ ᠰᠠᠨᠠᠭᠤᠯᠭ᠎ᠠ ᠶᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠩᠭᠡᠭᠡᠨ ᠠᠪᠤᠭᠰᠠᠨ ᠪᠠᠶᠢᠨ᠎ᠠ᠃ | ᠲᠡᠷᠡᠪᠡᠷ ᠭᠤᠷᠪᠠᠨ ᠵᠢᠯ ᠳᠠᠷᠠᠭᠠᠯᠠᠨ 《 ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠭᠡᠰᠢᠭᠦᠨ 》 ᠤ | ᠢᠷᠠᠭᠤ ᠠᠯᠳᠠᠷ ᠤᠨ ᠴᠣᠯᠠ ᠬᠦᠷᠲᠡᠵᠦ ᠥᠩᠭᠡᠷᠡᠪᠡ᠃ 2015 ᠣᠨ ᠳᠤ ᠳᠥᠷᠪᠡᠳ ᠬᠤᠰᠢᠭᠤᠨ ᠤ 《ᠭᠠᠪᠢᠶ᠎ᠠ | ᠪᠠᠶᠢᠭᠤᠯᠤᠭᠰᠠᠨ ᠡᠮᠡᠭᠲᠡᠶᠢᠴᠦᠦᠨ》 ᠤᠨ ᠲᠡᠷᠢᠭᠦᠨ ᠤ ᠬᠤᠪᠢ ᠬᠥᠮᠦᠨ ᠢ ᠢᠷᠠᠭᠤ ᠠᠯᠳᠠᠷᠲᠠᠢ ᠪᠠᠷ ᠬᠦᠷᠲᠡᠵᠦ᠂ | 2018 ᠣᠨ ᠳᠤ ᠤᠯᠠᠭᠠᠨᠴᠠᠪ ᠬᠤᠲᠠ ᠶᠢᠨ 《 ᠭᠠᠪᠢᠶ᠎ᠠ ᠪᠠᠶᠢᠭᠤᠯᠤᠭᠰᠠᠨ ᠵᠢᠱᠢᠶᠡᠴᠢ ᠡᠮᠡᠭᠲᠡᠶᠢᠴᠦᠳ》 ᠪᠠᠷ | ᠥᠩᠭᠡ ᠭᠡᠷᠡᠯᠲᠡᠢ ᠪᠠᠷ ᠰᠣᠩᠭᠤᠭᠳᠠᠵᠤ᠂ 2020 ᠣᠨ ᠳᠤ ᠪᠦᠬᠦ ᠣᠷᠣᠨ ᠤ ᠠᠵᠢᠯ ᠤᠨ ᠪᠠᠶᠢᠷᠢ ᠶᠢᠨ ᠯᠧᠢ | ᠹᠧᠩ ᠠᠴᠠ ᠰᠤᠷᠤᠯᠴᠠᠬᠤ ᠰᠢᠯᠢᠳᠡᠭ ᠰᠠᠶᠢᠨ ᠡᠮᠴᠢ ᠶᠢᠨ ᠢᠷᠠᠭᠤ ᠠᠯᠳᠠᠷ ᠢ ᠦᠩᠬᠡ ᠭᠡᠷᠡᠯ ᠲᠠᠢ ᠬᠦᠷᠲᠡᠵᠦ ᠂ | ᠣᠯᠠᠨ ᠤᠳᠠᠭ᠎ᠠ ᠬᠤᠰᠢᠭᠤ ᠰᠢᠯᠢᠳᠡᠭ ᠡᠮᠴᠢ ᠪᠠᠷ ᠰᠢᠯᠭᠠᠷᠠᠭᠤᠯᠤᠭᠳᠠᠭᠰᠠᠨ ᠪᠠᠶᠢᠨ᠎ᠠ ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠭᠡᠭᠡᠨᠲᠡᠨᠡ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |