ᠨᠢᠳᠦᠨ ᠤ ᠴᠠᠭᠠᠨ ᠬᠠᠷᠠᠩ ᠢ ᠬᠠᠷᠠᠭ᠎ᠠ ᠣᠷᠣᠭᠤᠯᠬᠤ  ᠮᠡᠰᠡ ᠵᠠᠰᠠᠯ ᠤᠨ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/10/23
      ᠨᠢᠳᠦᠨ ᠤ ᠴᠠᠭᠠᠨ ᠬᠠᠷᠠᠩ ᠢ ᠬᠠᠷᠠᠭ᠎ᠠ ᠣᠷᠣᠭᠤᠯᠬᠤ  ᠮᠡᠰᠡ ᠵᠠᠰᠠᠯ ᠤᠨ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠠᠵᠢᠯᠯᠠᠭ᠎ᠠ ᠦᠷᠨᠢᠭᠦᠯᠦᠭᠰᠡᠨ            10 ᠰᠠᠷ᠎ᠠ ᠶᠢᠨ 18 ᠤ ᠡᠳᠦᠷ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠤᠲᠠ ᠶᠢᠨ ᠴᠤᠤ ᠵᠢᠦᠢ ᠨᠢᠳᠦᠨ ᠤ ᠰᠠᠯᠠᠭᠠᠨ  ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ 《 ᠤᠮᠠᠷᠠᠲᠤ ᠬᠢᠯᠢ ᠢᠶᠠᠨ ᠬᠠᠶᠢᠷᠠᠯᠠᠨ ᠡᠷᠡᠭᠦᠯ ᠰᠠᠷᠠᠭᠤᠯ  ᠬᠦᠰᠡᠯᠡᠩ ᠢᠶᠠᠨ ᠲᠡᠷᠭᠡᠯᠰᠢᠭᠦᠯᠬᠦ 》 ᠡᠪᠡᠷᠯᠢᠭ ᠪᠦᠷᠬᠦᠪᠴᠢ  ᠶᠢᠨ  ᠬᠤᠪᠢᠷᠠᠮᠲᠠᠭᠠᠢ   ᠴᠢᠨᠠᠷ  ᠪᠠ ᠴᠠᠭᠠᠨ ᠬᠠᠷᠠᠩ ᠬᠠᠷᠠᠭ᠎ᠠ ᠰᠡᠷᠭᠦᠭᠡᠬᠦ ᠨᠡᠶᠢᠲᠡ ᠶᠢᠨ ᠠᠰᠠᠷᠠᠮᠵᠢ ᠶᠢᠨ ᠮᠡᠰᠡ ᠵᠠᠰᠠᠯ ᠤᠨ ᠠᠵᠢᠯᠯᠠᠭ᠎ᠠ ᠶᠢ  ᠦᠷᠨᠢᠭᠦᠯᠦᠭᠰᠡᠨ  ᠪᠠᠶᠢᠨ᠎ᠠ ᠃      ᠲᠤᠰ  ᠤᠳᠠᠭᠠᠨ ᠤ  ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠂ ᠳᠥᠷᠪᠡᠳ ᠬᠤᠰᠢᠭᠤᠨ ᠤ ᠡᠷᠦᠬᠡ ᠠᠮᠠ ᠶᠢᠨ ᠳᠠᠩᠰᠠ ᠲᠠᠢ᠂ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ  ᠳᠠᠩᠰᠠᠨ ᠠᠴᠠ  ᠲᠠᠶᠢᠯᠬᠤ ᠱᠠᠭᠠᠷᠳᠠᠯᠭ᠎ᠠ ᠳᠤ ᠵᠣᠬᠢᠴᠠᠭᠰᠠᠨ ᠪᠥᠭᠡᠳ ᠡᠮ ᠡᠮᠨᠡᠯᠭᠡ ᠶᠢᠨ ᠪᠠᠶᠢᠭᠤᠯᠤᠮᠵᠢ ᠪᠠᠷ ᠳᠠᠮᠵᠢᠨ ᠨᠢᠳᠦᠨ ᠤ ᠡᠪᠡᠷᠯᠢᠭ ᠪᠦᠷᠬᠦᠪᠴᠢ ᠶᠢᠨ ᠬᠤᠪᠢᠷᠠᠮᠠᠲᠠᠭᠠᠢ ᠴᠢᠨᠠᠷ ᠪᠠ ᠴᠠᠭᠠᠨ ᠬᠠᠷᠠᠩ ᠤᠨ ᠮᠡᠰᠡ ᠵᠠᠰᠠᠯ ᠳᠤ ᠲᠣᠬᠢᠷᠠᠬᠤ ᠡᠪᠡᠳᠴᠢᠨ ᠢ ᠪᠠᠶᠢᠴᠠᠭᠠᠨ ᠲᠣᠳᠣᠯᠠᠭᠰᠠᠨ 50 ᠭᠠᠷᠤᠢ ᠡᠪᠡᠳᠴᠢᠲᠡᠨ ᠳᠤ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠲᠡᠳᠡᠨ ᠳᠤ ᠳᠠᠬᠢᠨ ᠭᠡᠷᠡᠯ ᠭᠡᠭᠡ ᠣᠯᠭᠤᠵᠠᠢ᠃       ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠰᠢᠭᠰᠢᠨ ᠪᠠᠶᠢᠴᠠᠭᠠᠯᠲᠠ ᠨᠢ 6 ᠡᠳᠦᠷ  ᠶᠠᠪᠤᠭᠳᠠᠵᠤ᠂ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠭᠡᠷ ᠪᠦᠯᠢ᠂ ᠪᠦᠬᠦᠯᠢ 60 ᠨᠠᠰᠣᠨ  ᠠᠴᠠ ᠳᠡᠭᠡᠭᠰᠢᠬᠢ ᠴᠠᠭᠠᠨ ᠬᠠᠷᠠᠩ ᠡᠪᠡᠳᠴᠢᠲᠡᠨ ᠳᠤ ᠠᠵᠤ ᠠᠬᠤᠢ ᠶᠢᠨ ᠳᠠᠷᠤᠭᠠᠰᠤ ᠶᠢ ᠨᠢ ᠪᠦᠲᠦᠮᠵᠢᠲᠡᠢ ᠬᠥᠩᠭᠡᠷᠡᠭᠦᠯᠵᠦ᠂ ᠨᠡᠩ ᠣᠯᠠᠨ ᠨᠢᠳᠦᠨ ᠤ ᠡᠪᠡᠳᠴᠢᠲᠡᠨ ᠳᠤ ᠴᠠᠭ ᠲᠤᠬᠠᠢ ᠳᠤᠨᠢ ᠪᠦᠲᠦᠮᠵᠢᠲᠡᠢ  ᠡᠮᠨᠡᠯᠭᠡ ᠬᠢᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠭᠡᠭᠡᠨᠲᠠᠨ᠎ᠠ    ᠰᠦᠩ ᠰᠢᠶᠣᠣ ᠢᠦᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2