ᠮᠠᠨ ᠤ ᠤᠷᠤᠨ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠡᠭᠰᠠᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠤ ᠪᠤᠢ | | ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠬᠠᠷᠢᠶ᠎ᠠ ᠮᠥᠩᠭᠦᠨ | ᠭᠦᠢᠯᠭᠡᠭᠡᠨ ᠤ ᠦᠢᠯᠡᠰ ᠤᠨ ᠪᠠᠶᠢᠭᠤᠯᠤᠮᠵᠢ ᠶᠢ ᠢᠳᠡᠪᠬᠢᠲᠡᠶ ᠪᠠᠷ ᠵᠢᠯᠣᠭᠤᠳᠴᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠣᠨᠣᠪᠴᠢᠲᠠᠶ ᠪᠣᠯᠭᠠᠬᠤ᠂ ᠲᠤᠬᠠᠶᠢᠯᠠᠭᠰᠠᠨ ᠠᠵᠢᠯ ᠤᠨ ᠶᠠᠪᠤᠴᠡ ᠶᠢ ᠠᠦᠲ᠋ᠣᠴᠢᠯᠠᠬᠤ᠂ | ᠲᠦᠭᠰᠢᠭᠦᠷᠢ ᠶᠢᠨ ᠬᠠᠮᠢᠶᠠᠷᠤᠯᠲᠠ ᠶᠢ ᠤᠶᠤᠨᠴᠢᠯᠠᠬᠤ ᠵᠡᠷᠭᠡ ᠲᠠᠯ᠎ᠠ ᠲᠠᠬᠢ ᠮᠥᠩᠭᠦᠨ ᠭᠦᠢᠯᠭᠡᠭᠡᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠮᠵᠢ ᠦᠢᠯᠡᠳᠦᠯ ᠢ ᠭᠦᠢᠴᠡᠦᠨ ᠪᠠᠳᠠᠷᠠᠭᠤᠯᠵᠤ᠂ ᠤᠯᠠᠨ ᠲᠡᠰ | ᠲᠠᠪᠬᠤᠷᠭ᠎ᠠ᠂ ᠬᠠᠮᠤᠷᠬᠤ ᠬᠡᠪᠴᠢᠶ᠎ᠡ ᠪᠠᠷ ᠦᠷᠬᠡᠨ᠂ ᠦᠷᠬᠦᠯᠵᠢᠯᠡᠬᠦ ᠮᠠᠯᠵᠢᠬᠤ ᠲᠠᠷᠢᠶᠠᠯᠠᠬᠤ ᠣᠷᠣᠨ ᠤ | ᠲᠤᠭᠠᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠤ | ᠪᠠᠶᠢᠨ᠎ᠡ᠃ | ᠮᠠᠨ ᠤ ᠤᠷᠤᠨ ᠤ ᠮᠦᠡᠭᠬᠦᠨ ᠬᠦᠢᠯᠬᠡᠬᠡᠨ ᠤ ᠰᠢᠰᠲᠧᠮ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ | ᠲᠤᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠲᠦᠭᠡᠮᠡᠯ ᠬᠦᠷᠳᠡᠬᠡᠮᠵᠢᠳᠤ ᠮᠥᠩᠭᠦᠨ ᠭᠦᠢᠯᠭᠡᠭᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠪᠠ᠃ 《ᠮᠥᠩᠭᠦᠨ ᠭᠦᠢᠯᠭᠡᠭᠡᠨ ᠤ ᠪᠠᠷᠢᠮᠵᠢᠶ᠎ᠠ + ᠬᠥᠳᠡᠭᠡ | ᠲᠣᠰᠬᠤᠨ ᠢ ᠭᠦᠭᠵᠢᠭᠦᠯᠦᠨ ᠮᠠᠨᠳᠤᠭᠤᠯᠬᠤ》 ᠵᠠᠭᠪᠤᠷ ᠲᠠᠬᠢ ᠲᠠᠷᠢᠶᠠᠯᠠᠩ ᠢ ᠲᠤᠰᠠᠯᠠᠬᠤ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠴᠡᠭ ᠢ ᠰ᠊ ᠰᠦᠪᠡᠭᠴᠢᠯᠡᠨ ᠪᠠᠶᠢᠭᠤᠯᠵᠤ᠂ 《ᠬᠥᠳᠡᠭᠡ ᠲᠣᠰᠬᠤᠨ ᠤ ᠲᠦᠬᠡᠮᠡᠯ | ᠬᠦᠷᠳᠡᠬᠡᠮᠵᠢᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ ᠤᠨ ᠲᠣᠭᠠᠴᠠᠭ᠎ᠠ ᠬᠢᠬᠦ ᠦᠢᠯᠡᠴᠢᠯᠡᠭᠡᠨ ᠤ | ᠴᠡᠭ ᠤᠨ ᠮᠡᠷᠭᠡᠵᠢᠯ ᠤᠨ ᠵᠢᠷᠤᠮᠵᠢᠯ 》 ᠢ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ ᠮᠥᠩᠭᠦᠨ | ᠭᠦᠢᠯᠭᠡᠭᠡᠨ ᠤ ᠪᠠᠷᠢᠮᠵᠢᠶ᠎ᠠ ᠶᠢᠨ ᠮᠡᠷᠭᠡᠵᠢᠯ᠂ ᠬᠠᠮᠢᠶᠠᠷᠤᠯᠲᠠ᠂ ᠦᠶ᠋ᠯᠡᠴᠢᠯᠡᠭᠡ ᠵᠢᠴᠢ ᠵᠠᠭᠪᠤᠷ ᠤᠨ ᠰᠢᠨ᠎ᠡ ᠶᠢ | ᠡᠭᠦᠦᠨᠬᠦ ᠶᠢ ᠰᠦᠪᠡᠭᠴᠢᠯᠡᠵᠦ ᠮᠠᠯᠵᠢᠬᠤ ᠲᠠᠷᠢᠶᠠᠯᠠᠬᠤ ᠣᠷᠣᠨ ᠤ ᠲᠤᠭᠠᠴᠢᠯᠠᠭᠰᠠᠨ ᠲᠦᠬᠡᠮᠡᠯ ᠬᠦᠷᠳᠡᠬᠡᠮᠵᠢᠳᠤ | ᠮᠥᠩᠭᠦᠨ ᠭᠦᠢᠯᠭᠡᠭᠡᠨ ᠤ ᠤᠶᠢᠯᠡᠳᠬᠦᠨ ᠪᠠ ᠦᠢᠯᠡᠴᠢᠯᠡᠭᠡᠨ ᠢ ᠵᠢᠷᠤᠮᠵᠢᠭᠤᠯᠤᠨ ᠰᠢᠯᠢᠳᠡᠭᠵᠢᠬᠦᠯᠪᠡ᠃ | ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠭᠦᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠭᠤᠤᠯ ᠬᠦᠴᠦᠨ ᠢ ᠪᠤᠶᠢᠵᠢᠭᠤᠯᠵᠤ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ | ᠭᠦᠨᠵᠢᠭᠦᠯᠦᠨ ᠮᠠᠨᠳᠤᠭᠤᠯᠬᠤ ᠳᠤ ᠦᠶᠡᠯᠴᠢᠯᠡᠬᠦ《ᠡᠴᠦᠰ ᠦᠨ ᠨᠢᠭᠡ ᠺᠢᠯᠣᠮᠧᠳ᠋ᠷ》 ᠢ ᠨᠡᠪᠳᠡᠷᠡᠬᠦᠯᠪᠡ᠃ | ᠣᠳᠣᠬᠠᠨ ᠳᠤ ᠪᠦᠬᠦ ᠣᠷᠣᠨ ᠤ 12 ᠠᠶᠢᠮᠠᠭ ᠬᠤᠲᠠ ᠶᠢᠨ 72 ᠬᠤᠰᠢᠭᠤ ᠰᠢᠶᠠᠨ ᠳᠤ ᠬᠠᠷᠢᠶᠠᠯᠠᠭᠳᠠᠬᠤ | 554 ᠰᠤᠮᠤ ᠰᠢᠶᠠᠩ ᠪᠠᠯᠭᠠᠰᠤ ᠨᠡᠶᠢᠲᠡ 6000 ᠭᠠᠷᠤᠶ 《ᠮᠥᠩᠭᠦᠨ ᠭᠦᠢᠯᠭᠡᠭᠡᠨ ᠤ ᠲᠤᠰᠬᠤᠨ ᠤ ᠳᠡᠳ᠋ | ᠳᠠᠷᠤᠭ᠎ᠠ》 ᠶᠢ ᠤᠷᠢᠨ ᠬᠡᠷᠡᠭᠯᠡᠵᠦ ᠪᠠᠩᠬᠢ᠂ ᠳᠠᠭᠠᠳᠬᠠᠯ ᠤᠨ ᠪᠠᠶᠢᠭᠤᠯᠤᠮᠵᠢ ᠶᠢ ᠬᠠᠮᠵᠢᠨ 6 ᠲᠦᠮᠡ ᠰᠢᠬᠠᠮ | ᠮᠠᠯᠵᠢᠬᠤ ᠲᠠᠷᠢᠶᠠᠯᠠᠬᠤ ᠡᠷᠦᠬᠡ ᠳᠤ 89.85 ᠳ᠋ᠦ᠋ᠩᠰᠢᠭᠤᠷ ᠲᠥᠭᠦᠷᠢᠭ ᠤᠨ ᠵᠢᠬᠡᠯᠡᠯᠬᠡ ᠤᠯᠭᠤᠪᠠ᠃ | ᠲᠤᠭᠠᠴᠢᠯᠠᠭᠰᠠᠨ ᠮᠡᠷᠭᠡᠵᠢᠯ ᠪᠤᠯᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠵᠠᠮ ᠤᠨ | ᠠᠭᠤᠰᠤᠯᠴᠠᠨ ᠬᠦᠭᠵᠢᠬᠦ ᠶᠢ ᠲᠦᠷᠬᠡᠳᠬᠡᠪᠡ᠃ ᠣᠷᠳᠣᠰ ᠪᠠᠩᠬᠢ ᠮᠠᠯᠵᠢᠬᠤ ᠲᠠᠷᠢᠶᠠᠯᠠᠬᠤ ᠣᠷᠣᠨ ᠤ | ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠵᠠᠮ ᠢ ᠰᠢᠯᠢᠳᠡᠭᠵᠢᠬᠦᠯᠬᠦ ᠪᠠ ᠲᠠᠰ ᠳᠡᠪᠰᠢᠭᠦᠯᠬᠦ ᠪᠠᠷ ᠳᠠᠮᠵᠢᠭᠤᠯᠤᠨ᠂ | ᠲᠤᠭᠠᠴᠢᠯᠠᠭᠰᠠᠨ ᠮᠥᠩᠭᠦᠨ ᠭᠦᠢᠯᠭᠡᠭᠡᠨ ᠤ ᠦᠶᠡᠯᠴᠢᠯᠡᠭᠡ ᠶᠢᠨ ᠨᠠᠷᠢᠯᠢᠭ ᠣᠨᠣᠴᠠᠲᠠᠶ ᠪᠠᠷ ᠬᠦᠷᠦᠯᠴᠡᠬᠦ ᠶᠢ | ᠠᠬᠢᠭᠤᠯᠵᠤ᠂ ᠰᠦᠯᠵᠢᠶᠡᠨ ᠤ ᠠᠮᠤᠷ ᠲᠦᠪᠰᠢᠨ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠢ | ᠬᠡᠷᠡᠭᠯᠡᠨ 《ᠲᠦᠭᠡᠮᠡᠯ ᠬᠦᠷᠳᠡᠬᠡᠮᠵᠢᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ》 ᠢ ᠥᠷᠭᠡᠨ ᠳᠡᠯᠭᠡᠷ | ᠪᠠᠶᠢᠭᠤᠯᠵᠤ᠂ ᠨᠠᠰᠤᠳᠠᠶᠢᠴᠤᠳ ᠲᠤ ᠳᠣᠭᠢᠷᠠᠬᠤ ᠤᠨᠴᠠᠯᠢᠭᠲᠤ ᠦᠢᠯᠡᠴᠢᠯᠡᠭᠡᠨ ᠤ ᠥᠭᠡᠷᠡᠴᠢᠯᠡᠯᠲᠡ ᠶᠢ | ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠶᠡᠯᠴᠢᠯᠡᠭᠡ ᠶᠢ | ᠰᠢᠯᠢᠳᠡᠭᠵᠢᠬᠦᠯᠪᠡ᠃ ᠪᠤᠭᠤᠲᠤ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠬᠥᠮᠦᠨ | ᠤ ᠵᠢᠰᠦ ᠪᠠᠷ ᠢᠯᠭᠠᠨ ᠲᠠᠨᠢᠬᠤ ᠵᠡᠷᠭᠡ ᠮᠡᠷᠭᠡᠵᠢᠯ ᠢ ᠬᠡᠷᠡᠭᠯᠡᠨ《ᠨᠢᠭᠡ ᠥᠷᠲᠡᠬᠡᠨ ᠳᠤ ᠤᠶᠢᠯᠡᠴᠢᠯᠡᠬᠦ》 ᠮᠠᠯᠴᠢᠨ | ᠲᠠᠷᠢᠶᠠᠴᠢᠨ ᠳᠤ ᠠᠰᠢᠭ ᠬᠦᠷᠲᠡᠭᠡᠬᠦ ᠠᠷᠠᠳ ᠳᠤ ᠲᠥᠬᠦᠮ ᠦᠵᠡᠭᠦᠯᠬᠦ ᠦᠶ᠋ᠯᠡᠴᠢᠯᠡᠭᠡᠨ ᠤ ᠲᠥᠷᠥᠯ ᠵᠦᠢᠯ ᠢ | ᠴᠤᠭᠴᠠᠯᠠᠵᠤ ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠲᠤᠰᠬᠤᠨ ᠠᠴᠠ | ᠪᠠᠨ ᠭᠠᠷᠬᠤ ᠦᠬᠡᠢ ᠪᠠᠷ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠵᠢᠴᠢ ᠠᠷᠠᠳ | ᠤᠨ ᠠᠮᠢᠳᠤᠷᠠᠯ ᠤᠨ ᠰᠦᠢᠦᠨᠬᠡᠯ ᠲᠤᠰᠢᠶᠠᠬᠤ᠂ ᠨᠡᠶᠢᠭᠡᠮ ᠤᠨ ᠪᠠᠲᠤᠯᠠᠭ᠎ᠠ ᠵᠡᠷᠭᠡ ᠮᠥᠩᠭᠦᠨ ᠭᠦᠢᠯᠭᠡᠭᠡᠨ ᠤ | ᠪᠤᠰᠤ ᠦᠶ᠋ᠯᠡᠴᠢᠯᠡᠭᠡ ᠶᠢ ᠬᠦᠢᠴᠡᠳᠬᠡᠬᠦ ᠪᠤᠯᠭᠠᠪᠠ᠃ | ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ | ᠳᠡᠪᠰᠢᠭᠦᠯᠦᠭᠴᠢ᠄ ᠲᠡᠷᠭᠡᠯ | |