ᠰᠢ ᠶᠢᠨ ᠫᠢᠩ ᠠᠯᠲᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ | ᠤᠳᠠᠭ᠎ᠠ ᠶᠢᠨ ᠠᠭᠤᠯᠵᠠᠯᠲᠠ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ | | ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 10 ᠰᠠᠷ᠎ᠠ ᠶᠢᠨ 23 ᠤ ᠴᠠᠭᠢᠯᠭᠠᠨ ᠮᠡᠳᠡᠭᠡ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ᠄ ᠨᠢᠢ ᠰᠧ ᠢ ᠬᠤ ᠰᠢᠶᠣᠣ ᠭᠤᠸᠠᠩ︶ ᠲᠤᠬᠠᠢ ᠶᠢᠨ ᠭᠠᠵᠠᠷ ᠤᠨ ᠴᠠᠭ ᠢᠶᠠᠷ 10 | ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠤᠭᠤᠰᠬ᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ | ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃ ᠤᠷᠤᠰ ᠤᠨ | ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ | ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ | ᠤᠽᠢᠤᠫᠢᠶᠠ ᠶᠢᠨ ᠶᠡᠷᠦᠩᠬᠡᠢ ᠰᠠᠶᠢᠦᠨ ᠠᠪᠢ᠂ ᠡᠨᠡᠳᠬᠡᠭ ᠤᠨ ᠶᠡᠷᠦᠩᠬᠡᠢ ᠰᠠᠶᠢᠦᠨ ᠮᠦᠸᠧᠳᠢ᠂ ᠢᠷᠡᠨ ᠤ | ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ | ᠠᠬᠠᠮᠠᠳᠲᠤ ᠤᠯᠤᠰ ᠤᠨ ᠶᠡᠷᠦᠩᠬᠡᠶᠢᠯᠡᠭᠴᠢ ᠮᠦᠬᠠᠨᠮᠦᠳ᠋ ᠨᠠᠷ ᠣᠷᠣᠯᠴᠠᠵᠠᠢ᠃ ᠰᠢ ᠶᠢᠨ ᠫᠢᠩ ᠡᠩ ᠲᠡᠷᠢᠭᠦᠨ ᠳᠤ | ᠪᠠᠭ᠎ᠠ ᠬᠡᠪᠴᠢᠶᠡᠨ ᠤ ᠬᠤᠷᠠᠯ ᠳᠤ ᠣᠷᠣᠯᠴᠠᠪᠠ᠃ | | | | | | | | ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠬ᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ | ᠦᠵᠡᠰᠬᠦᠯᠡᠩ ᠤᠨ ᠲᠥᠪ ᠲᠤ ᠶᠠᠪᠤᠭᠳᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ | ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠤᠽᠢᠤᠫᠢᠶᠠ ᠶᠢᠨ ᠶᠡᠷᠦᠩᠬᠡᠢ ᠰᠠᠶᠢᠦᠨ ᠠᠪᠢ᠂ | ᠡᠨᠡᠳᠬᠡᠭ ᠤᠨ ᠶᠡᠷᠦᠩᠬᠡᠢ ᠰᠠᠶᠢᠦᠨ ᠮᠦᠸᠧᠳᠢ᠂ ᠢᠷᠡᠨ ᠤ ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ ᠠᠹᠷᠢᠺᠠ ᠶᠢᠨ | ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠮᠦᠬᠠᠨᠮᠦᠳ᠋ ᠨᠠᠷ | ᠣᠷᠣᠯᠴᠠᠵᠠᠢ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ | ᠬᠤᠸᠠᠨ ᡂᠢ ᠰᠡᠭᠦᠳᠡᠷᠯᠡᠪᠡ | | | | | | | ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠤᠭᠤᠰᠬ᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ | ᠦᠵᠡᠰᠬᠦᠯᠡᠩ ᠤᠨ ᠲᠥᠪ ᠲᠤ ᠶᠠᠪᠤᠭᠳᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ | ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠤᠽᠢᠤᠫᠢᠶᠠ ᠶᠢᠨ ᠶᠡᠷᠦᠩᠬᠡᠢ ᠰᠠᠶᠢᠦᠨ ᠠᠪᠢ᠂ | ᠡᠨᠡᠳᠬᠡᠭ ᠤᠨ ᠶᠡᠷᠦᠩᠬᠡᠢ ᠰᠠᠶᠢᠦᠨ ᠮᠦᠸᠧᠳᠢ᠂ ᠢᠷᠡᠨ ᠤ ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ ᠠᠹᠷᠢᠺᠠ ᠶᠢᠨ | ᠶᠡᠷᠦᠩᠬᠡᠶ᠋ᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠮᠦᠬᠠᠨᠮᠦᠳ᠋ ᠨᠠᠷ | ᠣᠷᠣᠯᠴᠠᠵᠠᠢ᠃ ᠵᠢᠷᠤᠭ ᠪᠣᠯ ᠠᠭᠤᠯᠵᠠᠯᠲᠠ ᠶᠢᠨ ᠬᠤᠭᠤᠴᠠᠭᠠᠨ ᠳᠤ ᠠᠯᠳᠠᠨ ᠲᠤᠭᠤᠰᠬ᠎ᠠ ᠤᠯᠤᠰ ᠤᠳ ᠤᠨ | ᠤᠳᠤᠷᠢᠳᠬᠤ ᠬᠥᠮᠥᠰ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ | ᠰᠢᠤᠸᠠᠢ ᠷᠧᠨ ᠰᠡᠭᠦᠳᠡᠷᠯᠡᠪᠡ | | | ᠰᠢ ᠶᠢᠨ ᠫᠢᠩ ᠰᠢᠨ᠎ᠡ ᠪᠦᠷᠢᠯᠳᠦᠭᠦᠨ ᠨᠠᠷ ᠤᠨ ᠠᠯᠳᠠᠨ ᠲᠤᠭᠤᠰᠬ᠎ᠠ ᠤᠯᠤᠰ ᠤᠳ ᠤᠨ ᠶᠡᠭᠡ ᠭᠡᠷ ᠪᠦᠯᠢ ᠳᠤ | ᠣᠷᠣᠯᠴᠠᠬᠰᠠᠨ ᠵᠢᠴᠢ ᠠᠷᠪᠢᠨ ᠤᠯᠤᠰ ᠢ ᠤᠷᠢᠵᠤ ᠠᠯᠳᠠᠨ ᠲᠤᠭᠤᠰᠬ᠎ᠠ ᠤᠯᠤᠰ ᠤᠳ ᠤᠨ ᠬᠠᠨᠢᠲᠠᠨ ᠤᠯᠤᠰ | ᠪᠣᠯᠤᠭᠰᠠᠨ ᠢ ᠪᠠᠶᠠᠷᠯᠠᠨ ᠤᠭᠲᠤᠪᠠ᠃ ᠰᠢ ᠶᠢᠨ ᠫᠢᠩ᠂ ᠪᠦᠷᠢᠯᠳᠦᠭᠦᠨ ᠢᠶᠠᠨ ᠥᠷᠭᠡᠳᠬᠡᠬᠦ ᠪᠣᠯ ᠠᠯᠳᠠᠨ ᠲᠤᠭᠤᠰᠬ᠎ᠠ | ᠤᠯᠤᠰ ᠤᠳ ᠤᠨ ᠬᠥᠭᠵᠢᠯᠲᠡ ᠶᠢᠨ ᠲᠡᠦᠬᠡᠨ ᠳᠡᠭᠡᠷᠡᠬᠢ ᠴᠢᠬᠤᠯᠠ ᠬᠥᠰᠢᠶ᠎ᠡ ᠲᠡᠮᠳᠡᠭ ᠪᠣᠯᠣᠨ᠎ᠠ᠂ ᠪᠠᠰᠠ ᠴᠣ᠋ ᠤᠯᠠᠨ | ᠤᠯᠤᠰ ᠤᠨ ᠪᠠᠶᠢᠷᠢᠰᠢᠯ ᠤᠨ ᠬᠤᠪᠢᠰᠤᠯᠲᠠ ᠶᠢᠨ ᠪᠡᠯᠭᠡ ᠲᠡᠮᠳᠡᠭ ᠤᠨ ᠴᠢᠨᠠᠷᠲᠠᠢ ᠬᠡᠷᠡᠭ ᠶᠠᠪᠤᠳᠠᠯ ᠪᠣᠯᠣᠨ᠎ᠠ᠃ ᠠᠯᠳᠠᠨ | ᠲᠤᠭᠤᠰᠬ᠎ᠠ ᠤᠯᠤᠰ ᠤᠳ ᠤᠨ ᠬᠠᠮᠲᠤᠷᠠᠯᠴᠠᠭ᠎ᠠ ᠬᠠᠮᠲᠤ ᠶᠢᠨ ᠬᠥᠭᠡᠭᠡᠴᠡᠯᠳᠦᠯ ᠳᠤ ᠰᠠᠭᠤᠷᠢᠯᠠᠵᠤ᠂ ᠳᠡᠯᠡᠬᠡᠢ ᠶᠢᠨ ᠡᠩᠬᠡ | ᠲᠠᠶᠢᠪᠤᠩ ᠪᠣᠯᠣᠨ ᠬᠥᠭᠵᠢᠯᠲᠡ ᠶᠢᠨ ᠶᠡᠭᠡ ᠬᠠᠨᠳᠤᠰᠢ ᠳᠤ ᠨᠡᠶᠢᠴᠡᠵᠦ ᠪᠠᠶᠢᠨ᠎ᠠ᠃ ᠣᠳᠣᠬᠠᠨ ᠳᠤ ᠳᠡᠯᠡᠬᠡᠢ | ᠵᠢᠷᠲᠢᠨᠴᠦ ᠶᠢᠨ ᠵᠠᠭᠤᠨ ᠵᠢᠯ ᠤᠨ ᠬᠤᠪᠢᠰᠤᠯᠲᠠ ᠲᠦᠷᠭᠡᠳᠦᠨ ᠬᠤᠪᠢᠷᠠᠵᠤ᠂ ᠤᠯᠠᠨ ᠲᠦᠢᠯᠰᠢᠷᠠᠯᠲᠠ ᠶᠢᠨ ᠰᠢᠨ᠎ᠡ ᠪᠠᠶᠢᠳᠠᠯ | ᠪᠠᠶᠢᠬᠤ ᠮᠥᠷᠲᠡᠭᠡᠨ ᠪᠠᠰᠠ ︽ᠰᠢᠨ᠎ᠡ ᠬᠦᠢᠲᠡᠨ ᠳᠠᠶᠢᠨ︾ ᠤ ᠲᠦᠭᠰᠢᠭᠦᠷᠢᠲᠦ ᠪᠠᠶᠢᠳᠠᠯ ᠣᠷᠣᠰᠢᠵᠤ ᠪᠠᠶᠢᠨ᠎ᠠ᠃ | ᠠᠯᠳᠠᠨ ᠲᠤᠭᠤᠰᠬ᠎ᠠ ᠤᠯᠤᠰ ᠤᠳ ᠤᠨ ᠲᠡᠦᠬᠡ ᠶᠢᠨ ᠠᠵᠠ ᠲᠣᠭᠢᠶᠠᠯ ᠢ ᠡᠵᠡᠮᠳᠡᠵᠦ᠂ ᠲᠡᠦᠬᠡ ᠶᠢᠨ ᠰᠠᠨᠠᠭᠠᠴᠢᠯᠠᠭᠠᠲᠤ | ᠴᠢᠨᠠᠷ ᠢ ᠢᠯᠡᠷᠡᠭᠦᠯᠵᠦ᠂ ᠨᠡᠭᠡᠭᠡᠯᠲᠡᠲᠤ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠨ | ᠮᠠᠨᠳᠤᠬᠤ ᠶᠡᠭᠡ ᠬᠠᠨᠳᠤᠰᠢ ᠳᠤ ᠵᠣᠬᠢᠴᠠᠵᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ᠂ ᠨᠢᠭᠡ ᠰᠡᠳᠬᠢᠯ ᠨᠢᠭᠡ | ᠵᠣᠷᠢᠭ ᠢᠶᠠᠷ ᠠᠵᠢᠯᠯᠠᠬᠤ ᠶᠢ ᠪᠠᠷᠢᠮᠲᠠᠯᠠᠵᠤ᠂ ᠠᠯᠳᠠᠨ ᠲᠤᠭᠤᠰᠬ᠎ᠠ ᠤᠯᠤᠰ ᠤᠳ ᠤᠨ ᠬᠠᠮᠲᠤ ᠶᠢᠨ ᠦᠷᠳᠡᠭ ᠢ | ᠴᠢᠨᠠᠭᠰᠢᠳᠠ ᠨᠢᠭᠲᠠᠷᠠᠭᠤᠯᠵᠤ ᠂ ᠠᠯᠳᠠᠨ ᠲᠤᠭᠤᠰᠬ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ | ᠠᠯᠳᠠᠨ ᠲᠤᠭᠤᠰᠬ᠎ᠠ ᠤᠯᠤᠰ ᠤᠳ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠠᠯᠳᠠᠨ | ᠲᠤᠭᠤᠰᠬ᠎ᠠ ᠤᠯᠤᠰ ᠤᠳ ᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ | ᠬᠠᠮᠲᠤᠷᠠᠯᠴᠠᠭ᠎ᠠ ᠶᠢ ᠠᠬᠢᠭᠤᠯᠬᠤ ᠭᠤᠣᠯ ᠠᠷᠭ᠎ᠠ ᠵᠠᠮ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ | ᠠᠬᠢᠭᠤᠯᠬᠤ ᠬᠤᠰᠢᠭᠤᠴᠢ ᠬᠦᠴᠦᠨ ᠪᠣᠯᠭᠠᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠡᠯᠡᠬᠡᠢ ᠵᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠲᠤᠲᠤᠮ ᠪᠢᠳᠡ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠤᠯᠠᠮ ᠥᠨᠳᠥᠷ ᠮᠠᠨᠳᠤᠭᠤᠯᠵᠤ᠂ ᠠᠯᠲᠠᠨ | ᠲᠤᠭᠤᠰᠬ᠎ᠠ ᠤᠯᠤᠰ ᠤᠳ ᠤᠨ ᠥᠩᠭᠡ ᠪᠤᠳᠤᠭ ᠢ ᠥᠳᠬᠡᠷᠡᠭᠦᠯᠵᠦ᠂ ᠠᠯᠲᠠᠨ ᠲᠤᠭᠤᠰᠬ᠎ᠠ ᠤᠯᠤᠰ ᠤᠳ ᠤᠨ ᠬᠦᠴᠦᠨ ᠢ | ᠢᠯᠡᠷᠡᠭᠦᠯᠬᠦ ᠬᠡᠷᠡᠭᠲᠡᠢ᠃ ᠡᠩᠬᠡ ᠲᠠᠶᠢᠪᠤᠩ ᠤᠨ ᠳᠠᠭᠤᠨ ᠢ ᠴᠤᠤᠷᠢᠶᠠᠲᠤᠭᠤᠯᠵᠤ᠂ ᠶᠠᠷᠢᠯᠴᠠᠭ᠎ᠠ ᠬᠢᠬᠦ ᠠᠴᠠ ᠪᠢᠰᠢ | ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠦᠯᠦ ᠪᠠᠶᠢᠭᠤᠯᠬᠤ ᠰᠢᠨ᠎ᠡ ᠮᠠᠶ᠋ᠢᠭ ᠤᠨ ᠠᠮᠤᠷ | ᠲᠦᠪᠰᠢᠨ ᠢ ᠰᠠᠨᠠᠭᠠᠴᠢᠯᠠᠶ᠎ᠠ᠃ ᠬᠥᠭᠵᠢᠯᠲᠡ ᠶᠢᠨ ᠵᠠᠮ ᠢ ᠬᠠᠮᠲᠤ ᠪᠠᠷ ᠡᠷᠢᠯᠬᠢᠯᠡᠵᠦ᠂ ᠲᠦᠭᠡᠮᠡᠯ ᠬᠠᠷᠠᠭᠠᠯᠵᠠᠯ ᠲᠠᠢ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠬᠠᠮᠲᠤ ᠪᠠᠷ ᠬᠥᠭᠵᠢᠬᠦ ᠶᠡᠭᠡ ᠵᠠᠮ ᠢ ᠪᠠᠲᠤ | ᠰᠠᠬᠢᠶ᠎ᠠ᠃ ᠬᠠᠮᠲᠤᠷᠠᠯᠴᠠᠭᠠᠨ ᠤ ᠰᠠᠭᠤᠷᠢ ᠪᠠᠨ ᠪᠠᠬᠢᠵᠢᠭᠦᠯᠵᠦ᠂ ᠬᠥᠳᠡᠭᠡ ᠠᠵᠤ ᠠᠬᠤᠢ᠂ ᠡᠨᠧᠷᠭᠢ᠂ ᠠᠭᠤᠷᠬᠠᠢ ᠶᠢᠨ | ᠭᠠᠷᠤᠯᠲᠠ᠂ ᠠᠵᠤ ᠠᠬᠤᠢ ᠠᠷᠠᠯᠵᠢᠶ᠎ᠠ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ | ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠯᠵᠢᠶᠠᠨ ᠤ ᠪᠡᠯᠡ ᠣᠷᠣᠭᠤᠯᠤᠯᠲᠠ ᠪᠣᠯᠣᠨ ᠮᠥᠩᠭᠦᠨ | ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠲᠠᠷᠠᠭ᠎ᠠ ᠰᠢ ᠶᠢᠨ ᠫᠢᠩ ᠶᠡᠭᠡ ᠬᠡᠪᠴᠢᠶᠡᠨ ᠤ ᠬᠤᠷᠠᠯ ᠳᠤ ᠣᠷᠣᠯᠴᠠᠵᠤ᠂ ᠢᠷᠡᠭᠡᠳᠦᠢ ᠶᠢᠨ ᠠᠯᠳᠠᠨ ᠲᠤᠭᠤᠰᠬ᠎ᠠ | ᠤᠯᠤᠰ ᠤᠳ ᠤᠨ ᠬᠥᠭᠵᠢᠯᠲᠡ ᠶᠢᠨ ᠲᠤᠬᠠᠢ ᠴᠢᠬᠤᠯᠠ ᠰᠠᠨᠠᠯ ᠳᠤᠷᠠᠳᠴᠤ ᠂ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠃ | | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠭᠠᠳ ᠪᠠᠶᠢᠨ᠎ᠠ᠂ ᠳᠡᠯᠡᠬᠡᠢ ᠶᠢᠨ ᠦᠢᠮᠡᠭᠡᠨ ᠳᠡᠪᠵᠢᠶᠡᠨ ᠢ ᠳᠤᠷ᠎ᠠ ᠪᠠᠷ ᠲᠠᠯᠪᠢᠨ᠎ᠠ ᠦᠦ᠂ ᠡᠰᠡᠬᠦᠯ᠎ᠡ | ᠲᠡᠭᠦᠨ ᠤ ᠨᠠᠶᠢᠷᠠᠮᠳᠠᠯ ᠢᠶᠠᠷ ᠬᠥᠭᠵᠢᠬᠦ ᠵᠥᠪ ᠵᠠᠮ ᠳᠠᠭᠠᠨ ᠲᠠᠭᠢᠨ ᠪᠤᠴᠠᠬᠤ ᠶᠢ ᠠᠬᠢᠭᠤᠯᠬᠤ ᠶᠤᠮ ᠦᠦ ᠭᠡᠳᠡᠭ | ᠵᠠᠩᠭᠢᠯᠠᠭ᠎ᠠ ᠶᠢᠨ ᠰᠣᠩᠭᠤᠯᠲᠠ ᠳᠤ ᠲᠤᠯᠭᠠᠷᠠᠵᠤ ᠪᠠᠶᠢᠨ᠎ᠠ ᠃ ᠴᠠᠭ ᠦᠶ᠎ᠡ ᠶᠢᠨ ᠰᠠᠯᠬᠢ ᠳᠠᠪᠠᠯᠭᠠᠨ ᠬᠡᠳᠦᠢ ᠶᠡᠭᠡ ᠪᠤᠯᠬᠤ | ᠲᠤᠳᠤᠮ᠂ ᠪᠢᠳᠡ ᠨᠡᠩ ᠢᠯᠡᠭᠦᠦ ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠵᠤ᠂ ᠡᠷᠡᠰ ᠬᠠᠲᠠᠭᠤ ᠵᠣᠷᠢᠭ ᠢᠶᠠᠷ᠂ | ᠵᠣᠷᠢᠭᠲᠠᠢ ᠪᠠᠷ ᠪᠤᠰᠤᠳ ᠠᠴᠠ ᠲᠦᠷᠦᠭᠦᠯᠡᠬᠦ ᠰᠥᠰᠥ ᠵᠣᠷᠢᠭ ᠢᠶᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ | ᠠᠷᠭᠠᠴᠠᠭᠠᠬᠤ ᠤᠬᠠᠭᠠᠨ ᠢᠶᠠᠷ ︽ᠲᠣᠮᠣ ᠠᠯᠳᠠᠨ ᠲᠤᠭᠤᠰᠬ᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ᠃ | — ᠪᠢᠳᠡ ︽ᠡᠩᠬᠡ ᠲᠠᠶᠢᠪᠤᠩ ᠠᠯᠲᠠᠨ ᠲᠤᠭᠤᠰᠬ᠎ᠠ︾ ᠶᠢ ᠪᠠᠶᠢᠭᠤᠯᠵᠤ ᠂ ᠬᠠᠮᠲᠤ ᠶᠢᠨ ᠠᠮᠤᠷ ᠲᠦᠪᠰᠢᠨ ᠤ | ᠬᠠᠮᠠᠭᠠᠯᠠᠭᠴᠢ ᠪᠣᠯᠣᠶ᠎ᠠ᠃ ᠭᠠᠭᠴᠠ ᠬᠦ᠋ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ | ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠪᠡᠯ ᠰᠠᠶ᠋ᠢ ᠨᠡᠶᠢᠳᠡᠮ ᠤᠨ ᠠᠮᠤᠷ ᠲᠦᠪᠰᠢᠨ ᠤ ᠵᠠᠮ ᠢᠶᠠᠷ ᠵᠠᠮᠨᠠᠵᠤ | ᠴᠢᠳᠠᠨ᠎ᠠ᠃ ᠪᠢᠳᠡ ︽ ᠳᠠᠶᠢᠨ ᠤ ᠲᠠᠯᠠᠪᠤᠷ ᠢ ᠭᠠᠳᠠᠭᠰᠢ ᠲᠡᠯᠡᠭᠦ ᠦᠭᠡᠢ᠂ ᠳᠠᠶᠢᠨ ᠤ ᠶᠠᠪᠤᠳᠠᠯ ᠢ ᠳᠡᠰ ᠳᠡᠪᠰᠢᠭᠦᠯᠬᠦ | ᠦᠭᠡᠢ᠂ ᠡᠯ᠎ᠡ ᠲᠠᠯ᠎ᠠ ᠶᠢᠨ ᠬᠠᠳᠬᠤᠵᠤ ᠥᠳᠥᠭᠡᠬᠦ ᠦᠭᠡᠢ︾ ᠪᠠᠶᠢᠬᠤ ᠭᠤᠷᠪᠠᠨ ᠵᠠᠷᠴᠢᠮ ᠢ ᠪᠠᠷᠢᠮᠲᠠᠯᠠᠵᠤ᠂ | ᠦᠺᠷᠠᠶ᠋ᠢᠨ ᠤ ᠬᠢᠮᠤᠷᠠᠯ ᠤᠨ ᠪᠠᠶᠢᠳᠠᠯ ᠢ ᠲᠦᠷᠭᠡᠬᠡᠨ ᠨᠠᠮᠳᠠᠭᠤᠯᠬᠤ ᠶᠢ ᠠᠬᠢᠭᠤᠯᠤᠶ᠎ᠠ᠃ ᠭᠠᠽᠠ ᠣᠷᠣᠨ ᠤ | ᠲᠤᠯᠤᠯᠳᠤᠬᠤ ᠪᠠᠨ ᠳᠠᠷᠦ᠋ᠢᠬᠠᠨ ᠵᠣᠬᠰᠣᠬᠤ ᠶᠢ ᠠᠬᠢᠭᠤᠯᠵᠤ᠂ ᠫᠠᠯᠧᠰᠲ᠋ᠠᠶ᠋ᠢᠨ ᠤ ᠠᠰᠠᠭᠤᠳᠠᠯ ᠢ ᠪᠦᠭᠦ ᠲᠠᠯ᠎ᠠ ᠪᠠᠷ᠂ ᠲᠥᠪ | ᠭᠤᠣᠯᠴᠢ ᠪᠠᠷ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠶ᠎ᠠ ᠃ | — ᠪᠢᠳᠡ ︽ᠰᠢᠨ᠎ᠡ ᠶᠢ ᠡᠭᠦᠳᠬᠦ ᠠᠯᠳᠠᠨ ᠲᠤᠭᠤᠰᠬ᠎ᠠ︾ ᠶᠢ ᠪᠠᠶᠢᠭᠤᠯᠵᠤ ᠂᠂ ᠴᠢᠨᠠᠷ ᠰᠠᠶᠢᠲᠠᠢ | ᠬᠥᠭᠵᠢᠯᠲᠡ ᠶᠢᠨ ᠬᠤᠰᠢᠭᠤᠴᠢ ᠪᠣᠯᠣᠶ᠎ᠠ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠶ᠎ᠠ ᠃ ᠳᠤᠮᠳᠠᠳᠤ ᠤᠯᠤᠰ ᠤᠶᠢᠷ᠎ᠠ ᠳᠤ ᠳᠤᠮᠳᠠᠳᠤ ᠤᠯᠤᠰ — | ᠠᠯᠳᠠᠨ ᠲᠤᠭᠤᠰᠬ᠎ᠠ ᠤᠯᠤᠰ ᠤᠳ ᠤᠨ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠪᠠ ᠬᠠᠮᠲᠤᠷᠠᠯᠴᠠᠭᠠᠨ ᠤ | ᠲᠥᠪ ᠢ ᠪᠠᠶᠢᠭᠤᠯᠵᠤ᠂ ᠠᠯᠳᠠᠨ ᠲᠤᠭᠤᠰᠬ᠎ᠠ ᠤᠯᠤᠰ ᠤᠳ ᠤᠨ ᠭᠦᠨ ᠳᠠᠯᠠᠢ ᠶᠢᠨ ᠡᠬᠢ ᠪᠠᠶᠠᠯᠢᠭ ᠤᠨ ᠤᠯᠠᠨ | ᠤᠯᠤᠰ ᠤᠨ ᠰᠤᠳᠤᠯᠭᠠᠨ ᠤ ᠲᠥᠪ᠂ ᠠᠯᠳᠠᠨ ᠲᠤᠭᠤᠰᠬ᠎ᠠ ᠤᠯᠤᠰ ᠤᠳ ᠤᠨ ᠣᠨᠴᠠᠭᠠᠢ ᠠᠵᠤ ᠠᠬᠤᠢ ᠶᠢᠨ ᠣᠷᠣᠨ ᠤ | ᠳᠤᠮᠳᠠᠳᠤ ᠤᠯᠤᠰ ᠤᠨ ᠬᠠᠮᠲᠤᠷᠠᠯᠴᠠᠭᠠᠨ ᠤ ᠲᠥᠪ᠂ ᠠᠯᠳᠠᠨ ᠲᠤᠭᠤᠰᠬ᠎ᠠ ᠤᠯᠤᠰ ᠤᠳ ᠤᠨ ᠠᠵᠤ ᠦᠢᠯᠡᠳᠪᠦᠷᠢ ᠶᠢᠨ | ᠴᠢᠳᠠᠪᠤᠷᠢ ᠶᠢᠨ ᠳᠤᠮᠳᠠᠳᠤ ᠤᠯᠤᠰ ᠤᠨ ᠲᠥᠪ᠂ ᠠᠯᠳᠠᠨ ᠲᠤᠭᠤᠰᠬ᠎ᠠ ᠤᠯᠤᠰ ᠤᠳ ᠤᠨ ᠲᠣᠭᠠᠴᠢᠯᠠᠭᠰᠠᠨ ᠠᠵᠤ | ᠦᠢᠯᠡᠰ ᠤᠨ ᠠᠮᠢ ᠠᠬᠤᠢ ᠶᠢᠨ ᠬᠠᠮᠲᠤᠷᠠᠯᠴᠠᠭᠠᠨ ᠤ ᠲᠣᠣᠷ ᠢ ᠪᠠᠶᠢᠭᠤᠯᠤᠨ᠎ᠠ᠃ ᠡᠯ᠎ᠡ ᠲᠠᠯ᠎ᠠ ᠶᠢᠨ ᠢᠳᠡᠪᠬᠢᠲᠡᠢ | ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠃ | — ᠪᠢᠳᠡ ︽ᠪᠣᠬᠢᠷᠳᠤᠯ ᠦᠭᠡᠢ ᠠᠯᠳᠠᠨ ᠲᠤᠭᠤᠰᠬ᠎ᠠ︾ ᠶᠢ ᠪᠠᠶᠢᠭᠤᠯᠵᠤ᠂ ᠦᠷᠭᠦᠯᠵᠢᠯᠡᠬᠦ ᠬᠥᠭᠵᠢᠯᠲᠡ ᠶᠢᠨ | ᠦᠢᠯᠡᠳᠦᠯᠭᠡᠵᠢᠭᠦᠯᠦᠭᠴᠢ ᠪᠣᠯᠣᠶ᠎ᠠ᠃ ᠳᠤᠮᠳᠠᠳᠤ ᠤᠯᠤᠰ ᠤᠨ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠴᠡᠨᠡᠭ᠂ | ᠭᠡᠷᠡᠯᠴᠢ ᠴᠡᠨᠡᠭ ᠤᠨ ᠦᠢᠯᠡᠳᠬᠦᠨ ᠵᠡᠷᠭᠡ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠳᠡᠯᠡᠬᠡᠢ ᠶᠢᠨ ᠪᠣᠬᠢᠷᠳᠤᠯ | ᠦᠭᠡᠢ ᠬᠥᠭᠵᠢᠯᠲᠡ ᠳᠤ ᠴᠢᠬᠤᠯᠠ ᠲᠤᠰᠠᠯᠠᠮᠵᠢ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ ᠲᠣᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠠᠯᠲᠠᠨ ᠲᠤᠭᠤᠰᠬ᠎ᠠ ᠤᠯᠤᠰ ᠤᠳ ᠯᠤᠭ᠎ᠠ ᠪᠣᠬᠢᠷᠳᠤᠯ ᠦᠭᠡᠢ ᠠᠵᠤ ᠦᠢᠯᠡᠰ᠂ ᠴᠡᠪᠡᠷ | ᠡᠨᠧᠷᠭᠢ ᠵᠢᠴᠢ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠪᠦᠭᠦ ᠠᠵᠤ | ᠦᠢᠯᠡᠰ ᠤᠨ ᠬᠡᠯᠬᠢᠶ᠎ᠡ ᠶᠢᠨ ︽ᠪᠣᠬᠢᠷᠳᠤᠯ ᠦᠭᠡᠢ ᠬᠥᠭᠵᠢᠯᠲᠡ︾ ᠶᠢ ᠠᠬᠢᠭᠤᠯᠵᠤ᠂ ᠬᠠᠮᠲᠤᠷᠠᠯᠴᠠᠭᠠᠨ ᠤ ︽ᠪᠣᠬᠢᠷᠳᠤᠯ | ᠦᠭᠡᠢ ᠬᠡᠮᠵᠢᠶ᠎ᠡ︾ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ︽ᠦᠨ᠎ᠡ ᠥᠷᠲᠡᠭ︾ ᠢ ᠳᠡᠭᠡᠭᠰᠢᠯᠡᠭᠦᠯᠦᠨ᠎ᠡ᠃ | — ᠪᠢᠳᠡ ︽ᠲᠥᠪ ᠭᠤᠣᠯᠴᠢ ᠠᠯᠲᠠᠨ ᠲᠤᠭᠤᠰᠬ᠎ᠠ︾ ᠶᠢ ᠪᠠᠶᠢᠭᠤᠯᠵᠤ ᠂ ᠪᠦᠭᠦ ᠪᠥᠮᠪᠥᠷᠴᠡᠭ ᠤᠨ | ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢᠨ ᠳᠠᠭᠠᠭᠤᠯᠤᠭᠴᠢ ᠪᠣᠯᠣᠶ᠎ᠠ᠃ ᠤᠯᠠᠨ ᠤᠯᠤᠰ ᠤᠨ ᠬᠦᠴᠦᠨ ᠤ | ᠬᠠᠷᠢᠴᠠᠯ ᠶᠠᠭ ᠭᠦᠨᠵᠡᠭᠡᠢ ᠤᠯᠠᠷᠢᠨ ᠬᠤᠪᠢᠷᠠᠵᠤ ᠪᠠᠶᠢᠨ᠎ᠠ᠂ ᠭᠡᠪᠡᠴᠦ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠤᠷᠳᠤ ᠬᠤᠭᠤᠴᠠᠭ᠎ᠠ ᠪᠠᠷ ᠬᠤᠴᠣᠷᠴᠤ ᠪᠠᠶᠢᠨ᠎ᠠ᠃ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ | ᠵᠠᠰᠠᠯᠲᠠ ᠶᠢᠨ ᠦᠵᠡᠯᠲᠡ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ᠂ ᠨᠡᠭᠡᠭᠡᠯᠲᠡᠲᠡᠢ ᠪᠠᠭᠲᠠᠭᠠᠮᠵᠢᠲᠠᠢ | ᠪᠠᠶᠢᠬᠤ ᠪᠠᠷ ᠤᠶᠢᠯᠭᠠᠭᠳᠠᠬᠤᠨ ᠪᠤᠯᠭᠠᠵᠤ ᠪᠦᠭᠦ ᠪᠥᠮᠪᠥᠷᠴᠡᠭ ᠤᠨ ᠵᠠᠰᠠᠯᠲᠠ ᠶᠢᠨ ᠥᠭᠡᠷᠡᠴᠢᠯᠡᠯᠲᠡ ᠶᠢ ᠬᠥᠲᠥᠯᠥᠨ | ᠳᠠᠭᠠᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠠᠬᠢ ᠲᠥᠯᠥᠭᠡᠯᠡᠬᠦ ᠴᠢᠨᠠᠷ ᠪᠠ | ᠦᠭᠡ ᠬᠡᠯᠡᠬᠦ ᠡᠷᠬᠡ ᠶᠢ ᠳᠡᠭᠡᠭᠰᠢᠯᠡᠭᠦᠯᠦᠶ᠎ᠡ᠃ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ | ᠨᠡᠪᠲᠡᠷᠡᠯᠴᠡᠬᠦ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠵᠤ | ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠨ ᠤᠯᠤᠰ ᠤᠨ | ᠮᠥᠩᠭᠦᠨ ᠭᠦᠢᠯᠭᠡᠭᠡᠨ ᠤ ᠰᠢᠰᠲ᠋ᠧᠮ ᠤᠨ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠬᠤᠪᠢᠷᠠᠯᠲᠠ ᠶᠢ ᠨᠡᠩ | ᠰᠠᠶᠢᠳᠤᠷ ᠲᠤᠰᠬᠠᠬᠤ ᠶᠢ ᠠᠬᠢᠭᠤᠯᠤᠶ᠎ᠠ᠃ | — ᠪᠢᠳᠠ ︽ᠰᠣᠶᠣᠯ ᠢᠷᠭᠡᠨᠰᠢᠯ ᠤᠨ ᠠᠯᠳᠠᠨ ᠲᠤᠭᠤᠰᠬ᠎ᠠ︾ ᠶᠢ ᠪᠠᠶᠢᠭᠤᠯᠵᠤ᠂ ᠪᠣᠯᠪᠠᠰᠤᠨ ᠪᠠ ᠬᠠᠮᠲᠤ | ᠣᠷᠣᠰᠢᠬᠤ ᠶᠢᠨ ᠰᠠᠨᠠᠭᠠᠴᠢᠯᠠᠭᠴᠢ ᠪᠣᠯᠣᠶ᠎ᠠ᠃ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠠᠳᠠᠯᠢ ᠪᠤᠰᠤ ᠪᠣᠯᠪᠠᠰᠤᠨ ᠢ ᠰᠣᠯᠪᠢᠴᠠᠭᠤᠯᠤᠨ ᠭᠡᠷᠡᠯ ᠭᠢᠯᠪᠠᠭ᠎ᠠ ᠰᠠᠴᠤᠷᠠᠭᠤᠯᠵᠤ᠂ ᠠᠯᠳᠠᠨ | ᠲᠤᠭᠤᠰᠬ᠎ᠠ ᠤᠯᠤᠰ ᠤᠳ ᠤᠨ ᠤᠷᠤᠭᠰᠢᠯᠠᠯᠲᠠ ᠶᠢᠨ ᠵᠠᠮ ᠢ ᠭᠡᠷᠡᠯᠳᠦᠭᠦᠯᠤᠶᠠ᠃ ᠲᠤᠮᠳᠠᠳᠤ ᠤᠯᠤᠰ ᠤᠨ ᠳᠤᠷᠠᠳᠤᠭᠰᠠᠨ | ᠠᠯᠳᠠᠨ ᠲᠤᠭᠤᠰᠬ᠎ᠠ ᠤᠯᠤᠰ ᠤᠳ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ | ᠨᠢᠭᠡᠨᠲᠡ ᠨᠠᠶᠢᠳᠠᠪᠤᠷᠢᠵᠢᠭᠤᠯᠤᠭᠳᠠᠵᠤ᠂ ᠠᠯᠲᠠᠨ ᠲᠤᠭᠤᠰᠬ᠎ᠠ ᠤᠯᠤᠰ ᠤᠳ ᠤᠨ ᠲᠣᠭᠠᠴᠢᠯᠠᠭᠰᠠᠨ ᠰᠤᠷᠭᠠᠨ | ᠬᠥᠮᠦᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠢᠷᠡᠬᠦ 5 ᠵᠢᠯ ᠳᠤ ᠠᠯᠲᠠᠨ | ᠲᠤᠭᠤᠰᠬ᠎ᠠ ᠤᠯᠤᠰ ᠤᠳ ᠲᠤ 10 ᠭᠠᠳᠠᠭᠠᠳᠤ ᠳᠤ ᠰᠤᠷᠤᠯᠴᠠᠬᠤ ᠲᠥᠪ ᠪᠠᠶᠢᠭᠤᠯᠵᠤ᠂ 1000 ᠰᠤᠷᠭᠠᠨ | ᠬᠥᠮᠦᠵᠢᠯ ᠤᠨ ᠬᠠᠮᠢᠶᠠᠷᠤᠯᠲᠠ ᠶᠢᠨ ᠠᠵᠢᠯᠲᠠᠨ ᠪᠣᠯᠣᠨ ᠪᠠᠭᠰᠢ ᠰᠤᠷᠤᠬᠴᠢᠳ ᠲᠤ ᠪᠣᠯᠪᠠᠰᠤᠷᠠᠯ ᠤᠨ ᠲᠣᠭᠢᠶᠠᠯ ᠬᠠᠩᠭᠠᠨ᠎ᠠ | ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠳᠤᠷᠠᠲᠠᠶ᠎ᠠ ᠠᠯᠳᠠᠨ ᠲᠤᠭᠤᠰᠬ᠎ᠠ ᠤᠯᠤᠰ ᠤᠳ ᠤᠨ | ᠡᠯ᠎ᠡ ᠤᠯᠤᠰ ᠯᠤᠭ᠎ᠠ ᠬᠠᠮᠲᠤ ᠪᠠᠷ ︽ᠲᠣᠮᠣ ᠠᠯᠳᠠᠨ ᠲᠤᠭᠤᠰᠬ᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠨᠡᠩ ᠤᠯᠠᠨ ︽ ᠪᠦᠬᠦ ᠪᠥᠮᠪᠥᠷᠴᠡᠭ ᠤᠨ ᠬᠥᠭᠵᠢᠵᠦ ᠪᠠᠶ᠋ᠢᠭ᠎ᠠ | ᠤᠯᠤᠰ ᠤᠳ︾ ᠲᠠᠢ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ︕ ᠭᠡᠵᠦ ᠴᠢᠬᠤᠯᠠᠴᠢᠯᠠᠪᠠ᠃ | ᠠᠭᠤᠯᠵᠠᠯᠲᠠ ᠳᠤ ᠣᠷᠣᠯᠴᠠᠬᠰᠠᠨ ᠤᠳᠤᠷᠢᠳᠬᠤ ᠬᠥᠮᠥᠰ ︽ᠤᠯᠠᠨ ᠲᠠᠯᠠᠲᠤ ᠦᠵᠡᠯ ᠢ ᠴᠢᠩᠭᠠᠳᠬᠠᠵᠤ᠂ ᠲᠥᠪ | ᠭᠤᠣᠯᠴᠢ ᠪᠦᠭᠦ ᠪᠥᠮᠪᠥᠷᠴᠡᠭ ᠤᠨ ᠬᠥᠭᠵᠢᠯᠲᠡ ᠪᠠ ᠠᠮᠤᠷ ᠲᠦᠪᠰᠢᠨ ᠢ ᠠᠬᠢᠭᠤᠯᠤᠶ᠎ᠠ︾ ᠭᠡᠬᠦ ᠭᠤᠣᠯ ᠰᠡᠳᠦᠪ ᠤᠨ | ᠲᠣᠭᠤᠷᠢᠨ ᠳᠤ ᠠᠯᠳᠠᠨ ᠲᠤᠭᠤᠰᠬ᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ | ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠤᠳᠤᠷᠢᠳᠬᠤ ᠬᠥᠮᠥᠰ ᠠᠯᠳᠠᠨ ᠲᠤᠭᠤᠰᠬ᠎ᠠ ᠤᠯᠤᠰ ᠤᠳ ᠤᠨ ᠲᠣᠭᠲᠠᠴᠠ ᠶᠢᠨ ᠬᠥᠭᠵᠢᠯᠲᠡ ᠵᠢᠴᠢ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠦᠵᠡᠭᠦᠯᠦᠭᠰᠡᠨ ᠴᠢᠬᠤᠯᠠ ᠦᠢᠯᠡᠳᠦᠯ ᠢ ᠢᠳᠡᠪᠬᠢᠲᠡᠢ | ᠦᠨᠡᠯᠡᠵᠦ᠂ ᠠᠯᠳᠠᠨ ᠲᠤᠭᠤᠰᠬ᠎ᠠ ᠤᠯᠤᠰ ᠤᠳ ᠤᠨ ᠬᠥᠮᠥᠨ ᠠᠮᠠ ᠤᠯᠠᠨ᠂ ᠡᠬᠢ ᠪᠠᠶᠠᠯᠢᠭ ᠡᠯᠪᠡᠭ᠂ ᠬᠥᠭᠵᠢᠯᠲᠡ ᠶᠢᠨ | ᠲᠠᠯᠳᠠ ᠬᠦᠴᠦᠨ ᠯᠤᠲᠤ ᠶᠡᠭᠡ᠂ ᠤᠷᠢᠶᠠᠯᠠᠬᠤ ᠬᠦᠴᠦᠨ ᠪᠣᠯᠣᠨ ᠳᠡᠯᠡᠬᠡᠢ ᠳᠠᠬᠢ ᠨᠥᠯᠥᠭᠡᠯᠡᠬᠦ ᠬᠦᠴᠦᠨ ᠡᠳᠦᠷ ᠢᠷᠡᠬᠦᠶ᠎ᠡ | ᠳᠡᠭᠡᠭᠰᠢᠯᠡᠵᠦ᠂ ᠤᠯᠠᠨ ᠲᠠᠯᠠᠲᠤ ᠦᠵᠡᠯ ᠤᠨ ᠦᠯᠢᠭᠡᠷ ᠵᠢᠰᠢᠶ᠎ᠡ ᠪᠣᠯᠵᠠᠢ ᠭᠡᠵᠦ ᠦᠵᠡᠪᠡ᠃ ᠠᠯᠳᠠᠨ ᠲᠤᠭᠤᠰᠬ᠎ᠠ | ᠤᠯᠤᠰ ᠤᠳ ᠠᠯᠳᠠᠨ ᠲᠤᠭᠤᠰᠬ᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠪᠦᠯᠬᠦᠮᠳᠡᠯ ᠬᠠᠮᠵᠢᠯᠴᠠᠭ᠎ᠠ ᠪᠠᠨ | ᠴᠢᠩᠭᠠᠳᠬᠠᠵᠤ᠂ ︽ᠲᠣᠮᠣ ᠠᠯᠳᠠᠨ ᠲᠤᠭᠤᠰᠬ᠎ᠠ︾ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ | ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠠᠷᠠᠯᠵᠢᠶ᠎ᠠ ᠡᠳ᠋ ᠤᠨ ᠵᠠᠰᠠᠭ ᠮᠥᠩᠭᠦᠨ | ᠭᠦᠢᠯᠭᠡᠭᠡᠨ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ︽ᠭᠤᠷᠪᠠᠨ ᠬᠦᠷᠳᠦ ᠪᠠᠷ ᠬᠥᠳᠡᠯᠭᠡᠭᠦᠷ ᠪᠤᠯᠭᠠᠬᠤ︾ | ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠯ᠂ ᠲᠦᠭᠡᠮᠡᠯ | ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠪᠣᠯᠣᠨ ᠳᠡᠯᠡᠬᠡᠢ ᠶᠢᠨ ᠦᠷᠭᠦᠯᠵᠢᠯᠡᠬᠦ | ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠳᠡᠯᠡᠬᠡᠢ ᠶᠢᠨ ᠬᠡᠷᠡᠭ | ᠶᠠᠪᠤᠳᠠᠯ ᠳᠠᠬᠢ ᠦᠭᠡ ᠬᠡᠯᠡᠬᠦ ᠡᠷᠬᠡ ᠪᠣᠯᠣᠨ ᠲᠥᠯᠥᠭᠡᠯᠡᠬᠦ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠨᠡᠩ ᠲᠥᠪ | ᠭᠤᠣᠯᠴᠢ ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠪᠠᠯ ᠵᠣᠬᠢᠨ᠎ᠠ᠃ ᠣᠯᠠᠨ | ᠲᠠᠯᠠᠲᠤ ᠦᠵᠡᠯ ᠢ ᠡᠷᠡᠰ ᠬᠠᠮᠠᠭᠠᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠯᠠᠨ ᠤᠯᠤᠰ ᠤᠨ | ᠰᠢᠰᠲ᠋ᠧᠮ ᠳᠠᠬᠢ ᠭᠤᠣᠯᠯᠠᠬᠤ ᠦᠢᠯᠡᠳᠦᠯ ᠢ ᠬᠠᠮᠠᠭᠠᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠵᠣᠬᠢᠶᠠᠮᠠᠯ ᠣᠶᠤᠨ ᠴᠢᠳᠠᠪᠤᠷᠢ ᠵᠡᠷᠭᠡ ᠪᠦᠭᠦ ᠪᠥᠮᠪᠥᠷᠴᠡᠭ ᠤᠨ ᠵᠠᠰᠠᠯᠲᠠ ᠳᠤᠮᠳᠠ ᠴᠢᠬᠤᠯᠠ ᠦᠢᠯᠡᠳᠦᠯ ᠪᠠᠳᠠᠷᠠᠭᠤᠯᠬᠤ ᠶᠢ | ᠳᠡᠮᠵᠢᠨ᠎ᠡ᠃ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠵᠢᠭᠤᠷᠠᠯᠳᠤᠭᠠᠨ ᠢ | ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ | ᠴᠢᠷᠮᠠᠶᠢᠯᠭ᠎ᠠ ᠶᠢ ᠲᠠᠮᠵᠢᠵᠤ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠬᠦᠨᠳᠦᠳᠬᠡᠨ᠎ᠡ᠃ | ᠤᠳᠤ ᠪᠠᠶᠢᠭ᠎ᠠ ᠤᠯᠠᠨ ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠪᠦᠲᠦᠴᠡ ᠶᠢᠨ ᠥᠭᠡᠷᠡᠴᠢᠯᠡᠯᠲᠡ ᠶᠢ | ᠠᠬᠢᠭᠤᠯᠵᠤ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢ 21 ᠳ᠋ᠦᠭᠡᠷ ᠵᠠᠭᠤᠨ ᠤ ᠰᠢᠨ᠎ᠡ ᠭᠡᠯᠪᠡᠷᠢ ᠶᠢᠨ ᠤᠯᠠᠨ | ᠲᠠᠯᠠᠲᠤ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯᠭᠠᠨ ᠪᠠᠶᠢᠭᠤᠯᠤᠨ᠎ᠠ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠶᠡᠭᠡ ᠬᠤᠷᠠᠯ ᠠᠴᠠ ᠳᠤᠮᠳᠠᠳᠤ ᠤᠯᠤᠰ ᠤᠨ ᠳᠤᠷᠠᠳᠤᠭᠰᠠᠨ ︽ᠪᠣᠯᠪᠠᠰᠤᠨ ᠶᠠᠷᠢᠯᠴᠠᠭᠠᠨ ᠤ ᠤᠯᠠᠨ | ᠤᠯᠤᠰ ᠤᠨ ᠡᠳᠦᠷ︾ ᠤᠨ ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠭᠰᠠᠨ ᠢ ᠮᠠᠭᠲᠠᠨ ᠰᠠᠶᠢᠰᠢᠶᠠᠵᠤ ᠳᠡᠯᠡᠬᠡᠢ ᠶᠢᠨ | ᠪᠣᠯᠪᠠᠰᠤᠨ ᠤ ᠤᠯᠠᠨ ᠶᠠᠩᠵᠤᠲᠤ ᠴᠢᠨᠠᠷ ᠢ ᠭᠦᠨᠳᠦᠳᠬᠡᠵᠦ᠂ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠰᠣᠯᠢᠯᠴᠠᠭ᠎ᠠ | ᠲᠣᠯᠢᠳᠠᠯ ᠢ ᠴᠢᠩᠭᠠᠳᠬᠠᠰᠤᠭᠠᠢ ᠭᠡᠵᠦ ᠤᠷᠢᠶᠠᠯᠠᠪᠠ᠃ | ᠠᠭᠤᠯᠵᠠᠯᠲᠠ ᠳᠤ ︽ᠠᠯᠳᠠᠨ ᠲᠤᠭᠤᠰᠬ᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ | ᠤᠳᠠᠭ᠎ᠠ ᠶᠢᠨ ᠠᠭᠤᠯᠵᠠᠯᠲᠠ ᠶᠢᠨ ᠺᠠᠽᠠᠨ ᠤ ᠲᠤᠩᠬᠠᠭ︾ ᠢ ᠨᠡᠶᠢᠲᠡᠯᠡᠵᠦ᠂ ᠠᠯᠳᠠᠨ ᠲᠤᠭᠤᠰᠬ᠎ᠠ ᠤᠯᠤᠰ ᠤᠳ ᠤᠨ | ᠬᠠᠨᠢᠲᠠᠨ ᠤᠯᠤᠰ ᠢ ᠲᠣᠬᠢᠷᠠᠭᠤᠯᠬᠤ ᠪᠠᠷ ᠨᠡᠶᠢᠳᠡᠯᠡᠪᠡ ᠃ | ᠠᠭᠤᠯᠵᠠᠯᠲᠠ ᠶᠢᠨ ᠬᠤᠭᠤᠴᠠᠭᠠᠨ ᠳᠤ᠂ ᠠᠯᠳᠠᠨ ᠲᠤᠭᠤᠰᠬ᠎ᠠ ᠤᠯᠤᠰ ᠤᠳ ᠤᠨ ᠤᠳᠤᠷᠢᠳᠬᠤ ᠬᠥᠮᠥᠰ ᠪᠠᠰᠠ | ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠥᠸᠧ ᠰᠠᠢ ᠹᠦ᠋ ᠵᠡᠷᠭᠡ ᠠᠯᠳᠠᠨ ᠲᠤᠭᠤᠰᠬ᠎ᠠ | ᠤᠯᠤᠰ ᠤᠳ ᠤᠨ ᠲᠣᠭᠲᠠᠴᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠬᠠᠮᠲᠤ ᠭᠡᠷᠡᠯ ᠵᠢᠷᠤᠭ ᠲᠠᠲᠠᠭᠤᠯᠪᠠ᠃ ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ | ᠳᠡᠪᠰᠢᠭᠦᠯᠦᠭᠴᠢ ᠄ ᠲᠡᠷᠭᠡᠯ | |