ᠬᠤᠰᠢᠭᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/10/29
      ᠬᠤᠰᠢᠭᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠭᠰᠠᠨ               ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠨᠠᠢᠮᠠᠳᠤᠭᠠᠷ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ᠂ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠲᠥᠪ ᠤᠨ ᠳᠤᠭᠤᠶᠢᠯᠠᠩ ᠤᠨ ᠲᠣᠭᠤᠷᠢᠨ ᠰᠣᠨᠣᠰᠴᠤ ᠰᠤᠯᠠ ᠰᠣᠨᠣᠰᠬᠤ ᠳᠤᠭᠤᠶᠢᠯᠠᠩ ᠤᠨ ᠳᠠᠷᠤᠭ᠎ᠠ ᠼᠤᠤ ᠯᠢ ᠤᠷᠢᠯᠭ᠎ᠠ ᠪᠠᠷ ᠬᠤᠷᠠᠯ ᠳᠤ ᠰᠤᠯᠠ ᠤᠷᠤᠯᠴᠠᠵᠣ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠷᠠᠯ ᠢ ᠡᠷᠬᠢᠯᠡᠵᠦ ᠶᠠᠷᠢᠶ᠎ᠠ ᠲᠠᠯᠪᠢᠭᠰᠠᠨ ᠪᠠᠶᠢᠨ᠎ᠠ᠃       ᠥᠪᠥᠷ ᠮᠣᠩᠭᠤᠯ ᠤᠨ ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ) ᠶᠢᠨ ᠳᠡᠳ᠋ ᠵᠠᠬᠢᠷᠤᠯ᠂ ᠳ᠋ᠣᠺᠲ᠋ᠣᠷ ᠤᠨ ᠵᠢᠯᠣᠭᠤᠳᠤᠭᠴᠢ ᠪᠠᠭᠰᠢ ᠪᠤᠤ ᠶᠢᠨ ᠱᠠᠨ《ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ》ᠭᠡᠰᠡᠨ ᠰᠡᠳᠦᠪ ᠢᠶᠠᠷ ᠲᠤᠰᠬᠠᠢ ᠲᠠᠶᠢᠯᠤᠮᠵᠢ ᠬᠢᠵᠦ᠂ ᠵᠠᠷᠢᠮ ᠬᠤᠰᠢᠭᠤᠨ ᠤ ᠤᠳᠤᠷᠢᠳᠤᠯᠭ᠎ᠠ ᠥᠪᠡᠷ ᠥᠪᠡᠷ ᠤᠨ ᠬᠤᠪᠢᠳᠠᠵᠤ ᠪᠠᠶᠢᠭ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠭ᠎ᠠ ᠬᠢᠭᠰᠡᠨ ᠪᠠᠶᠢᠨ᠎ᠠ᠃        ᠫᠷᠣᠹᠧᠰᠰᠣᠷ ᠪᠤᠤ ᠶᠢᠨ ᠱᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠠᠢ  ᠤᠶᠠᠯᠳᠤᠭᠤᠯᠤᠨ᠂ ᠳᠤᠮᠳᠠᠲᠤ ᠤᠯᠤᠰ  ᠤᠨ  ᠮᠠᠶ᠋ᠢᠭ ᠤᠨ ᠣᠳᠣᠬᠢᠴᠢᠯᠠᠯᠲᠠ ᠪᠣᠯᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠳᠣᠲᠣᠭᠠᠳᠤ ᠬᠤᠯᠪᠣᠭ᠎ᠠ ᠶᠢ ᠭᠦᠨᠵᠡᠭᠡᠢ ᠵᠠᠳᠠᠯᠵᠤ᠂ ᠥᠭᠡᠷᠡᠴᠢᠯᠡᠯᠲᠡ᠂ ᠬᠥᠭᠵᠢᠯᠲᠡ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠲᠠᠶᠢᠯᠪᠤᠷᠢᠯᠠᠵᠤ᠂ ᠠᠭᠤᠯᠭ᠎ᠠ ᠨᠢ ᠰᠢᠰᠲ᠋ᠧᠮ ᠲᠠᠢ᠂ ᠠᠭᠤᠯᠬᠤᠨ ᠨᠢ ᠪᠠᠶᠠᠯᠢᠭ᠂ ᠭᠤᠣᠯᠳᠠᠯᠭ᠎ᠠ ᠨᠢ ᠳᠣᠪᠤᠶᠢᠮ᠎ᠠ᠂ ᠣᠨᠣᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠠᠶᠢᠵᠤ᠂ ᠨᠠᠮ ᠤᠨ ᠭᠡᠰᠢᠭᠦᠨ ᠺᠠᠳ᠋ᠷ ᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢ ᠠᠬᠢᠭᠤᠯᠤᠭᠰᠠᠨ ᠪᠠᠶᠢᠨ᠎ᠠ᠃        ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠡᠯ᠎ᠡ ᠠᠷᠠᠳ ᠤᠨ ᠪᠦᠯᠬᠦᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ   ᠷᠧᠨ ᠫᠧᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2