ᠮᠠᠨ ᠤ ᠬᠤᠰᠢᠭᠤ ᠳᠤᠯᠠᠭᠠᠯᠠᠭ᠎ᠠ ᠶᠢᠨ ᠨᠡᠭᠦᠷᠡᠰᠦ ᠲᠠᠷᠬᠠᠭᠠᠵᠤ ᠣᠯᠠᠨ ᠲᠦᠮᠡᠨ ᠤ ᠰᠡᠳᠬᠢᠯ ᠢ | ᠳᠤᠯᠠᠭᠠᠴᠠᠭᠤᠯᠤᠨᠠᠮ | | | | ᠣᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠵᠣᠷᠢᠯᠭ᠎ᠠ ᠪᠠᠷ᠂ ᠮᠠᠨ ᠤ ᠬᠤᠰᠢᠭᠤ | ᠡᠷᠲᠡ ᠠᠷᠭ᠎ᠠ ᠰᠦᠪᠡᠭᠴᠢᠯᠡᠨ᠂ ᠡᠷᠲᠡ ᠬᠥᠳᠡᠯᠦᠯᠴᠡᠵᠦ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠨ᠂ | ᠴᠢᠨᠠᠷ ᠰᠠᠶᠢᠲᠠᠢ《 ᠳᠤᠯᠠᠭᠠᠯᠠᠭ᠎ᠠ ᠶᠢᠨ ᠨᠡᠭᠦᠷᠡᠰᠦ 》 ᠶᠢ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ( | ᠲᠠᠯᠠᠪᠤᠷ ) ᠲᠤ ᠬᠦᠷᠭᠡᠬᠦ ᠶᠢ ᠪᠠᠲᠤᠯᠠᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠨ᠎ᠠ᠃ | ᠡᠨᠡ ᠵᠢᠯ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠯᠠᠭᠠᠯᠠᠭ᠎ᠠ ᠳᠤ ᠬᠡᠷᠡᠭᠯᠡᠬᠦ | ᠨᠡᠭᠦᠷᠡᠰᠦ ᠪᠣᠯᠤᠨ《ᠳᠤᠯᠠᠭᠠᠯᠠᠭ᠎ᠠ ᠶᠢᠨ ᠨᠡᠭᠦᠷᠡᠰᠦ 》 ᠶᠢᠨ ᠬᠡᠷᠡᠭᠰᠡᠬᠦ ᠡᠷᠦᠬᠡ ᠶᠢᠨ ᠲᠤᠭ᠎ᠠ ᠨᠡᠶᠢᠲᠡ 2600 | ᠣᠷᠴᠢᠮ ᠪᠠᠶᠢᠵᠤ᠂ ᠨᠡᠭᠦᠷᠡᠰᠦᠨ ᠤ ᠬᠡᠷᠡᠭᠴᠡᠭᠡ ᠶᠢᠨ ᠶᠡᠷᠦᠩᠬᠡᠢ ᠬᠡᠮᠵᠢᠶ᠎ᠡ 3800 ᠲᠤᠨ᠂ ᠣᠶᠢᠷ᠎ᠠ ᠳᠤ ᠵᠠᠯᠭᠠᠪᠠᠷ | ᠲᠠᠷᠬᠠᠭᠠᠭᠰᠠᠨ ᠢᠶᠠᠷ᠂ 11 ᠰᠠᠷ᠎ᠠ ᠶᠢᠨ ᠡᠬᠢ ᠪᠠᠷ ᠪᠦᠬᠦᠨ ᠢ ᠲᠠᠷᠬᠠᠭᠠᠨ ᠳᠠᠭᠤᠰᠤᠨ᠎ᠠ᠃ | ᠳᠠᠷᠠᠭ᠎ᠠ ᠠᠯᠬᠤᠮ ᠳᠤ᠂ ᠳᠡᠭᠡᠳᠦ ᠱᠠᠲᠤᠨ ᠤ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠶᠢ | ᠪᠠᠲᠤᠯᠠᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠠᠶᠢᠲᠤᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠦᠷᠭᠦᠯᠵᠢᠯᠡᠨ | ᠨᠡᠮᠡᠭᠳᠡᠭᠦᠯᠬᠦ ᠪᠠᠷ ᠬᠦᠴᠦᠯᠡᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠣᠯᠠᠨ ᠲᠦᠮᠡᠨ ᠤ ᠰᠡᠳᠬᠢᠯ ᠳᠤ | ᠦᠨᠡᠨᠬᠦ ᠬᠦᠷᠭᠡᠵᠦ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ᠂ ᠬᠦᠷᠳᠡᠭᠡᠮᠵᠢ ᠶᠢᠨ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠯᠢ ᠨᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |