ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠳᠥᠷᠪᠡᠳᠦᠭᠡᠷ ᠡᠮᠨᠡᠯᠭᠡ ᠶᠢᠨ ᠲᠥᠪ ᠤᠨ | ᠲᠤᠰᠬᠠᠢ ᠮᠡᠷᠭᠡᠵᠢᠯᠲᠡᠳ ᠤᠨ ᠪᠦᠯᠬᠦᠮ ᠮᠠᠨ ᠤ ᠬᠤᠰᠢᠭᠤᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ | ᠦᠷᠨᠢᠭᠦᠯᠦᠭᠰᠡᠨ | | ᠣᠶᠢᠷ᠎ᠠ ᠳᠤ᠂ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤᠮᠳᠠᠳᠤ ᠤᠯᠤᠰ ᠤᠨ | ᠠᠷᠠᠳ ᠤᠨ ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠳᠥᠷᠪᠡᠳᠦᠭᠡᠷ ᠡᠮᠨᠡᠯᠭᠡ ᠶᠢᠨ | ᠲᠥᠪ ᠤᠨ ᠲᠤᠰᠬᠠᠢ ᠮᠡᠷᠭᠡᠵᠢᠯᠲᠡᠨ ᠤ ᠪᠦᠯᠬᠦᠮ ᠢ ᠮᠠᠨ ᠤ ᠬᠤᠰᠢᠭᠤᠨ ᠳᠤ ᠤᠷᠢᠵᠤ᠂ ᠦᠷᠭᠡᠨ ᠬᠡᠪᠴᠢᠶᠡᠨ ᠤ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠡᠢ᠃ | ᠡᠨᠡ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ | ᠥᠷᠭᠡᠨ ᠣᠯᠠᠨ ᠡᠪᠡᠳᠴᠢᠲᠡᠨ ᠤ ᠡᠪᠡᠳᠴᠢᠨ ᠦᠵᠡᠭᠦᠯᠬᠦ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠵᠦ᠂ ᠮᠠᠨ ᠤ | ᠬᠤᠰᠢᠭᠤᠨ ᠤ ᠰᠠᠭᠤᠭᠠᠯᠢ ᠠᠷᠠᠳ ᠲᠤ ᠬᠤᠰᠢᠭᠤᠨ᠋ ᠠᠴᠠ ᠪᠠᠨ ᠭᠠᠷᠬᠤ ᠥᠬᠡᠢ ᠪᠠᠷ ᠭᠤᠷᠪᠠᠳᠤᠭᠠᠷ ᠳᠡᠰ ᠤᠨ | ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠥᠨᠳᠥᠷ ᠬᠢᠷᠢ ᠲᠦᠪᠰᠢᠨ ᠲᠠᠢ ᠣᠨᠣᠰᠢᠯᠠᠨ ᠡᠮᠨᠡᠬᠦ | ᠦᠢᠯᠡᠴᠢᠯᠡᠭᠡ ᠶᠢ ᠡᠳ᠋ᠯᠡᠭᠦᠯᠦᠭᠰᠡᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠴᠧᠨ ᠯᠢᠨ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |