ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠴᠢ ᠹᠧᠢ ᠶᠦᠨ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠯᠭ᠎ᠠ ᠶᠢᠨ ᠭᠤᠣᠯ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ | | ᠲᠦᠷᠦᠭᠦᠬᠡᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ | ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ᠂ ︽ᠪᠦᠬᠦ ᠨᠠᠮ ᠤᠨ ᠳᠣᠲᠣᠷ᠎ᠠ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ᠵᠢᠴᠢ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠲᠥᠰᠥᠯ︾ ᠪᠣᠯᠣᠨ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠬᠢᠨᠠᠨ ᠶᠠᠷᠢᠯᠴᠠᠵᠤ᠂ | ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠴᠢ ᠹᠧᠢ ᠶᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠬᠤ ᠪᠠ | ᠦᠢᠯᠡᠳᠦᠯᠭᠡᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠳᠦᠷᠢᠮ ᠢ | ᠭᠦᠨᠵᠡᠭᠡᠢ ᠦᠢᠯᠡᠳᠦᠯᠭᠡᠵᠢᠭᠦᠯᠵᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ | ᠦᠢᠯᠡᠳᠦᠯᠭᠡ᠂ ᠠᠷᠠᠳ ᠲᠦᠮᠡᠨ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠠᠶᠢᠯᠬᠦ ᠪᠣᠳᠠᠲᠤ ᠠᠮᠵᠢᠯᠲᠠ ᠶᠢ | ᠴᠢᠷᠮᠠᠶᠢᠨ ᠡᠭᠦᠳᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ︽ | ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ | ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ | ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ᠋ ᠪᠡᠶᠡᠯᠡᠭᠦᠯᠬᠦ ᠬᠡᠷᠡᠭᠲᠡᠢ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠭᠤᠣᠯ ᠠᠵᠢᠯ ᠢ ᠰᠠᠶᠢᠳᠤᠷ ᠬᠢᠬᠦ ᠲᠠᠢ ᠣᠷᠭᠠᠨᠢᠭ ᠢᠶᠠᠷ | ᠤᠶᠠᠯᠳᠤᠭᠤᠯᠵᠤ᠂ ᠬᠤᠶᠠᠷ ᠲᠣᠮᠣ ᠶᠠᠪᠤᠳᠠᠯ ᠢ ᠰᠠᠶᠢᠳᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ | ᠪᠣᠳᠠᠲᠠᠢ ᠠᠳᠬᠤᠨ ᠰᠠᠶᠢᠳᠤᠷ ᠠᠳᠬᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠲᠥᠯᠥᠪᠵᠢᠭᠦᠯᠦᠨ ᠲᠣᠬᠢᠷᠠᠭᠤᠯᠵᠤ᠂ | ᠴᠢᠩᠭ᠎ᠠ ᠬᠢᠨᠠᠨ ᠵᠢᠯᠤᠭᠤᠳᠴᠤ ᠨᠠᠶᠢᠳᠠᠪᠤᠷᠢᠵᠢᠭᠤᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠭᠦᠨᠵᠡᠭᠡᠶᠢᠷᠡᠨ ᠪᠤᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ᠄ ᠲᠡᠷᠭᠡᠯ | |