ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠨ᠎ᠠ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ  ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠬᠠᠮᠠᠭᠠᠯᠠᠯᠲᠠ᠂ ︽ᠵᠢᠷᠭᠤᠭᠠᠨ ᠢᠨᠵᠧᠨᠧᠷᠢᠩ︾ ᠵᠡᠷᠭᠡ ᠠᠵᠢᠯ ᠢ ᠰᠤᠳᠤᠯᠤᠨ  ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/10/30
      ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠨ᠎ᠠ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ  ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠬᠠᠮᠠᠭᠠᠯᠠᠯᠲᠠ᠂ ︽ᠵᠢᠷᠭᠤᠭᠠᠨ ᠢᠨᠵᠧᠨᠧᠷᠢᠩ︾ ᠵᠡᠷᠭᠡ ᠠᠵᠢᠯ ᠢ ᠰᠤᠳᠤᠯᠤᠨ  ᠪᠠᠶᠢᠷᠢᠯᠠᠭᠤᠯᠪᠠ      5 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠮᠧᠢ ᠵᠧᠦ ᠬᠤᠲᠠ ᠶᠢᠨ ᠮᠧᠢ ᠳ᠋ᠠ ᠬᠤᠷᠳᠤᠨ ᠤ ᠵᠠᠰᠠᠮᠠᠯ ᠵᠠᠮ ᠤᠨ ᠴᠠ ᠶᠠᠩ ᠬᠡᠰᠡᠭ ᠤᠨ ᠵᠠᠮ ᠤᠨ ᠨᠤᠷᠠᠭᠰᠠᠨ ᠭᠠᠮᠰᠢᠭ ᠤᠨ ᠲᠤᠬᠠᠢ ᠴᠢᠬᠤᠯᠠ ᠵᠢᠭᠠᠪᠤᠷᠢ᠂ ᠶᠡᠷᠦᠩᠬᠡᠢ  ᠰᠠᠶᠢᠦᠨ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ 4 ᠰᠠᠷ᠎ᠠ ᠶᠢᠨ 30 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠠᠵᠢᠯ ᠢ ᠰᠤᠳᠤᠯᠤᠨ  ᠪᠠᠶᠢᠷᠢᠯᠠᠭᠤᠯᠪᠠ᠃          ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ  ᠰᠠᠶᠢᠦᠨ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ᠂  ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ  ᠪᠠᠶᠢᠴᠠᠭᠠᠵᠤ᠂  ᠨᠢᠭᠡ ᠠᠴᠠ ᠨᠦᠬᠦᠭᠡ ᠶᠢ ᠵᠦᠢᠴᠢᠯᠡᠨ ᠠᠮᠤᠷ ᠲᠦᠪᠰᠢᠨ ᠤ ᠠᠶᠤᠯ ᠲᠦᠭᠰᠢᠭᠦᠷᠢ ᠶᠢ  ᠰᠡᠷᠭᠡᠶᠢᠯᠡᠬᠦ ᠶᠢ  ᠰᠠᠶᠢᠳᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠡᠭᠦᠷᠭᠡᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠦᠨᠡᠨᠬᠦ ᠰᠠᠬᠢᠬᠤ ᠬᠡᠷᠡᠭᠲᠡᠢ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ  ᠭᠦᠨᠵᠡᠭᠡᠶᠢᠷᠡᠭᠦᠯᠵᠦ ᠮᠠᠨ ᠤ ᠬᠤᠲᠠ ᠶᠢᠨ ᠨᠡᠭᠡᠭᠡᠯᠲᠡᠲᠦ ᠬᠥᠭᠵᠢᠯᠲᠡ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︽几ᠦᠰᠦᠭᠲᠦ ᠮᠤᠷᠤᠢ︾ ᠶᠢᠨ ᠪᠣᠭᠤᠮᠲᠠ ᠰᠢᠪᠲᠤᠯᠬᠤ  ᠳᠠᠶᠢᠯᠠᠯᠳᠤᠭᠠᠨ ᠪᠣᠯᠤᠨ ᠴᠢᠨᠠᠷ  ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠬᠠᠮᠢᠶ᠎ᠠ ᠪᠦᠬᠦᠢ ᠠᠵᠢᠯ ᠤᠨ  ᠪᠠᠶᠢᠳᠠᠯ  ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯᠡᠰᠦ ᠶᠢ  ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠤᠨ ᠪᠦᠳᠦᠭᠡᠨ  ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ ᠂ ᠬᠤᠵᠢᠷᠯᠢᠭ ᠭᠠᠵᠠᠷ ᠢ  ᠶᠡᠷᠦᠩᠬᠡᠶᠢᠯᠡᠨ ᠥᠭᠡᠷᠡᠴᠢᠯᠡᠨ ᠵᠠᠰᠠᠵᠤ ᠠᠰᠢᠭᠯᠠᠬᠤ ᠪᠠ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ  ᠶᠡᠷᠦᠩᠬᠡᠶᠢᠯᠡᠨ ᠵᠠᠰᠠᠬᠤ ᠶᠢ  ᠰᠠᠶᠢᠳᠤᠷ ᠠᠳᠬᠤᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠭᠤᠷᠪᠠᠳᠤᠭᠠᠷ ᠠᠵᠤ ᠦᠢᠯᠡᠰ ᠤᠨ ᠳᠤᠲᠠᠭᠤᠳᠠᠯ ᠢ ᠨᠥᠬᠦᠪᠥᠷᠢᠯᠡᠵᠦ᠂ ᠮᠠᠯᠴᠢᠨ ᠲᠠᠷᠢᠶᠠᠴᠢᠨ ᠢ ᠵᠣᠬᠢᠶᠠᠨ  ᠪᠠᠶᠢᠭᠤᠯᠤᠨ ᠳᠠᠶᠢᠴᠢᠯᠠᠨ ᠠᠮᠢ ᠠᠬᠤᠢ ᠶᠢᠨ ᠬᠠᠮᠠᠭᠠᠯᠠᠯᠲᠠ ᠪᠦᠳᠦᠭᠡᠨ  ᠪᠠᠶᠢᠭᠤᠯᠤᠯᠲᠠ ᠳᠤ ᠣᠷᠣᠯᠴᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ  ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠢᠨᠠᠨ ᠪᠤᠳᠤᠯᠳᠠ ᠶᠢᠨ ᠱᠠᠯᠠᠪᠳᠠᠭᠤᠯᠤᠨ  ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠢᠨᠠᠷ  ᠰᠠᠶᠢᠲᠠᠢ ᠬᠥᠭᠵᠢᠯᠲᠡ ᠶᠢ ᠬᠢᠵᠠᠭᠠᠷᠯᠠᠵᠤ  ᠪᠠᠶᠢᠭ᠎ᠠ ᠡᠯ᠎ᠡ ᠵᠦᠢᠯ ᠤᠨ ᠲᠦᠷᠢᠮ ᠲᠣᠭᠲᠠᠭᠠᠯ ᠢ ᠠᠷᠢᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ  ᠪᠠᠶᠢᠩᠭᠤᠵᠢᠭᠤᠯᠤᠨ  ᠰᠠᠶᠢᠳᠤᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ ᠮᠠᠨ ᠤ ᠬᠤᠲᠠ ᠶᠢᠨ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ  ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠬᠤ ᠢᠨᠵᠧᠨᠧᠷᠢᠩ︾ ᠢ ᠦᠨᠡᠨ  ᠬᠦ  ᠨᠠᠶᠢᠳᠠᠪᠤᠷᠢᠵᠢᠭᠤᠯᠵᠤ ᠢᠳᠡᠪᠬᠢᠲᠡᠶ ᠪᠠᠷ ᠳᠡᠭᠡᠳᠦ ᠱᠠᠲᠤᠨ ᠠᠴᠠ  ᠴᠢᠷᠮᠠᠶᠢᠨ ᠲᠡᠮᠡᠴᠡᠵᠦ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠥᠷᠥᠯ ᠵᠦᠢᠯ ᠳᠤ  ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ︽  ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ  ᠰᠠᠶᠢᠳᠤᠷ ᠬᠢᠵᠦ᠂ ᠪᠦᠬᠦ ᠲᠠᠯ᠎ᠠ ᠪᠠᠷ ᠠᠵᠢᠯ ᠡᠬᠢᠯᠡᠭᠦᠯᠬᠦ ᠶᠢ ᠪᠠᠲᠤᠯᠠᠵᠤ᠂ ᠤᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ ᠪᠦᠬᠦ ᠲᠠᠯ᠎ᠠ ᠪᠠᠷ ᠠᠵᠢᠯ ᠳᠠᠭᠤᠰᠬᠠᠬᠤ ᠶᠢ ᠪᠠᠲᠤᠯᠠᠬᠤ ᠬᠡᠷᠡᠭᠲᠡᠢ︔ ︽ᠦᠨᠡᠨᠴᠢ ᠢᠲᠡᠭᠡᠮᠵᠢ ᠶᠢᠨ  ᠪᠠᠶᠢᠭᠤᠯᠤᠯᠲᠠ ᠶᠢᠨ ᠢᠨᠵᠧᠨᠧᠷᠢᠩ︾ ᠢ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠨᠢᠭᠡ ᠯᠠ ᠲᠠᠮᠠᠭ᠎ᠠ︾  ᠪᠠᠷ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠵᠦᠢᠯᠡᠰ ᠢ  ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠶ︔ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢᠨ ᠢᠨᠵᠧᠨᠧᠷᠢᠩ︾ ᠢ ᠰᠢᠪᠲᠤᠯᠤᠯᠲᠠ ᠲᠠᠢ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢ  ᠪᠠᠶᠢᠷᠢᠰᠢᠭᠤᠯᠵᠤ ᠲᠠᠪᠴᠠᠩ ᠢ ᠠᠵᠤ  ᠠᠬᠤᠶᠢᠯᠠᠯ  ᠤᠨ ᠳᠤᠮᠳᠠ᠂ ᠴᠢᠳᠠᠪᠤᠷᠢᠲᠠᠨ ᠢ ᠲᠠᠲᠠᠬᠤ ᠠᠵᠤ ᠦᠢᠯᠡᠰ ᠲᠤ ᠣᠷᠣᠭᠤᠯᠬᠤ ᠬᠡᠷᠡᠭᠲᠡᠢ︔   ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ  ᠪᠠᠶᠢᠭᠤᠯᠬᠤ ᠢᠨᠵᠧᠨᠧᠷᠢᠩ︾ ᠢ ᠭᠤᠣᠯᠳᠠᠯᠭ᠎ᠠ ᠲᠠᠢ ᠠᠭᠤᠰᠤᠯᠴᠠᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢᠯᠠᠵᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ  ᠪᠠᠶᠢᠭᠤᠯᠬᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                    ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2