ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ᠄ ᠴᠢ ᠹᠸᠢ ᠶᠦᠨ ᠰᠢᠩ ᠾᠧ ᠰᠢᠶᠠᠨ ᠳᠤ | ᠭᠦᠨᠵᠡᠭᠡᠶᠢᠷᠡᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠵᠢᠯᠣᠭᠤᠳᠬᠤ ᠶᠢᠨ ᠬᠠᠮᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ | ᠠᠵᠢᠯ ᠢ ᠪᠠᠶᠢᠴᠠᠭᠠᠨ ᠰᠤᠳᠤᠯᠪᠠ | | | 5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠴᠢ ᠹᠸᠢ ᠶᠦᠨ ᠰᠢᠩ ᠾᠧ ᠰᠢᠶᠠᠨ ᠳᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ | ᠴᠡᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠣᠭᠤᠳᠬᠤ ᠶᠢᠨ ᠬᠠᠮᠲᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠳ᠋ᠢᠶᠠᠨ ᠽᠢ ᠪᠠᠯᠭᠠᠰᠤᠨ ᠤ ᠯᠦ᠋ ᠵᠢᠶᠠ ᠵᠢᠩ ᠲᠣᠰᠬᠤᠨ ᠳᠤ᠂ ᠴᠢ ᠹᠸᠢ ᠶᠦᠨ ᠦᠨᠳᠦᠰᠦᠨ ᠱᠠᠲᠤᠨ ᠤ | ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠤᠰ ᠲᠣᠰᠬᠤᠨ ᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠤ | ᠵᠢᠯᠣᠭᠤᠳᠬᠤ ᠰᠠᠨᠠᠯ ᠳᠤᠷᠠᠳᠴᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠬᠥᠭᠵᠢᠭᠦᠯᠬᠦ᠂ ᠴᠢᠳᠠᠪᠤᠷᠢ ᠰᠤᠷᠲᠠᠯ ᠤᠨ ᠪᠠᠶᠢᠭᠤᠯᠤᠯᠲᠠ ᠶᠢ ᠦᠨᠳᠦᠰᠦᠨ ᠱᠠᠳᠤ ᠲᠡᠶᠢᠰᠢ | ᠥᠷᠭᠡᠳᠬᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ | ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠪᠤᠶᠠᠨ ᠦᠢᠯᠡᠳᠬᠦ | ᠪᠣᠳᠠᠲᠠᠢ ᠠᠵᠢᠯ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢᠩ ᠡᡁᠧ ᠰᠢᠶᠠᠨ ᠤ ᠤᠶᠤᠨᠲᠤ ᠲᠠᠷᠢᠶᠠᠯᠠᠩ ᠤᠨ ᠠᠭᠤᠰᠤᠯᠴᠠᠨ ᠬᠥᠭᠵᠢᠬᠦ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠴᠢ ᠹᠸᠢ | ᠶᠦᠨ ᠲᠦᠷᠦᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ | ᠨᠠᠷᠢᠨ ᠯᠠᠪᠯᠠᠨ ᠠᠰᠠᠭᠤᠪᠠ ᠃ | ᠲᠡᠷᠡ ᠂ ᠣᠶᠤᠨᠴᠢ ᠬᠥᠳᠡᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠪᠣᠯᠤᠨ | ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ᠄ ᠲᠡᠷᠭᠡᠯ | |