ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠤᠯᠠᠭᠠᠨᠴᠠᠪ ᠬᠤᠲᠠ ᠶᠢᠨ ᠨᠠᠮ ᠤᠨ | ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ | ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ | | 6 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ | ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ | ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠦᠵᠡᠯ ᠰᠠᠨᠠᠭ᠎ᠠ ᠪᠠ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ | ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠰᠣᠨᠢᠷᠬᠠᠪᠠ᠃ | ᠰᠦᠢ ᠸᠧᠢ ᠵᠢᠶᠦ᠋ᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ | ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠶᠠᠭ ᠥᠷᠨᠢᠭᠦᠯᠵᠦ ᠪᠠᠶᠢᠭ᠎ᠠ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠭᠦᠨᠵᠡᠭᠡᠢ | ᠰᠤᠷᠤᠯᠴᠠᠨ ᠤᠠᠶᠢᠯᠭᠠᠵᠤ᠂ ᠨᠡᠩ ᠥᠨᠳᠥᠷ ᠪᠠᠷᠢᠮᠵᠢᠶ᠎ᠠ ᠪᠠᠷ ᠨᠡᠩ ᠴᠢᠩᠭ᠎ᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ | ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠨᠠᠭᠰᠢᠳᠠ | ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ᠋ | ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠬᠡᠯᠡᠪᠡ᠃ | ᠰᠦᠢ ᠸᠧᠢ ᠵᠢᠶᠦ᠋ᠨ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠰᠠᠶᠢᠳᠤᠷ | ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ᠋ ᠴᠢᠩᠭᠠᠳᠬᠠᠵᠤ᠂ ᠠᠵᠢᠯ ᠢᠶᠠᠨ ᠨᠢᠭᠡᠳᠬᠡᠵᠦ᠂ | ᠬᠠᠷᠠᠯᠲᠠ ᠴᠢᠭᠯᠡᠯ ᠢᠶᠠᠨ ᠦᠨᠡᠨ ᠬᠦ᠋ ᠣᠨᠣᠪᠴᠢᠲᠠᠢ ᠡᠵᠡᠮᠳᠡᠵᠦ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ | ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠦᠨᠡᠨ ᠬᠦ᠋ ᠪᠠᠷᠢᠮᠲᠠᠯᠠᠵᠤ᠂ ᠠᠰᠠᠭᠤᠳᠠᠯ ᠢ ᠲᠦᠢᠯᠪᠤᠷᠢᠲᠠᠢ | ᠴᠡᠭᠴᠡᠯᠡᠨ ᠰᠠᠶᠢᠵᠢᠷᠠᠭᠤᠯᠵᠤ ᠡᠨᠡ ᠭᠤᠷᠪᠠᠨ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ | ᠰᠦᠢ ᠸᠧᠢ ᠵᠢᠶᠦ᠋ᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠤᠶᠠᠷ ᠲᠠᠯ᠎ᠠ ᠪᠠᠷ ᠠᠳᠬᠤᠵᠤ ᠬᠤᠶᠠᠷ ᠢ | ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠴᠢᠨᠠᠷ ᠰᠠᠶᠢᠲᠠᠢ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠳᠤᠷ ᠬᠢᠬᠦ ᠲᠠᠢ ᠨᠢᠭᠲᠠ ᠤᠶᠠᠯᠳᠤᠭᠤᠯᠵᠤ᠂ ᠲᠤᠰ ᠭᠠᠵᠠᠷ | ᠣᠷᠣᠨ ᠲᠤᠰ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ | ᠪᠦᠬᠦ ᠬᠦᠴᠦᠨ ᠢᠶᠠᠷ ᠢᠶᠠᠨ ᠠᠵᠤ ᠠᠬᠤᠢ ᠶᠢ ᠲᠡᠮᠡᠴᠡᠵᠦ᠂ ᠰᠡᠳᠬᠢᠯ ᠲᠠᠯᠪᠢᠨ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠵᠦ ᠂ ᠪᠦᠬᠦ ᠬᠤᠳᠠ ᠳᠤ ᠡᠭᠦᠷᠭᠡ ᠶᠢ | ᠤᠷᠮᠠᠰᠢᠭᠤᠯᠬᠤ᠂ ᠶᠡᠬᠡᠪᠡᠷ ᠬᠢᠬᠦ ᠲᠦᠷᠭᠡᠨ ᠬᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ | ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ | ᠠᠬᠢᠭᠤᠯᠬᠤ ᠬᠡᠷᠡᠭᠲᠡᠢ ᠭᠡᠵᠦ ᠬᠡᠯᠡᠪᠡ ᠃ | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ ᠄ ᠲᠡᠷᠭᠡᠯ | |