ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠬᠤᠳᠠ ᠶᠢᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ | | | 6 ᠰᠠᠷ᠎ᠠ ᠶᠢᠨ 19 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ᠂ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠮᠠᠨ ᠤ ᠤᠯᠤᠰ ᠤᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ︾ ᠴᠢᠬᠤᠯᠠ ᠵᠣᠬᠢᠶᠠᠯ ᠢ ᠰᠤᠷᠤᠯᠴᠠᠵᠤ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ | ᠵᠡᠷᠭᠡ ᠤᠶᠢᠢᠷ᠎ᠠ ᠶᠢᠨ ᠬᠤᠭᠤᠴᠠᠭᠠᠨ ᠤ ᠲᠥᠪ ᠤᠨ ᠴᠢᠬᠤᠯᠠ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ | ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ᠂ ᠥᠨᠳᠥᠷ | ᠪᠠᠷᠢᠮᠵᠢᠶ᠎ᠠ ᠪᠠᠷ ᠰᠠᠶᠢᠳᠤᠷ ᠥᠷᠨᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠬᠡᠯ ᠥᠭᠬᠦ ᠲᠦᠷᠢᠮ︾ ᠢ ᠲᠡᠷᠡ ᠬᠡᠪ ᠢᠶᠠᠷ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠡᠯ᠎ᠡ ᠵᠦᠢᠯ ᠤᠨ | ᠰᠠᠬᠢᠯᠭ᠎ᠠ ᠪᠠᠲᠤ ᠶᠣᠰᠣ ᠲᠦᠷᠢᠮ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠦᠨᠡᠨ ᠬᠦ᠋ ᠴᠢᠩᠭᠠᠳᠬᠠᠬᠤ ᠬᠡᠷᠡᠭᠲᠡᠢ᠃ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠵᠦ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠳᠤᠷ ᠬᠢᠵᠦ᠂ ᠠᠮᠢ ᠠᠬᠤᠶ ᠣᠷᠴᠢᠨ | ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ | ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ᠋ ᠪᠠᠲᠤᠯᠠᠬᠤ ᠬᠡᠷᠡᠭᠲᠡᠶ᠃ ᠲᠦᠷᠦᠯ ᠵᠦᠢᠯ ᠤᠨ | ᠪᠡᠯᠡ ᠣᠷᠣᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ | ᠬᠠᠩᠭᠠᠯᠭ᠎ᠠ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠳᠤᠷ ᠠᠳᠬᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ | ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠰ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠᠰᠠ ᠬᠤᠷᠠᠯ | ᠬᠤᠷᠠᠯᠳᠤᠭᠤᠯᠵᠤ᠂ ᠪᠤᠰᠤᠳ ᠵᠦᠢᠯᠡᠰ ᠢ ᠰᠤᠳᠤᠯᠪᠠ ᠃ | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ᠄ ᠲᠡᠷᠭᠡᠯ | |