ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠬᠤᠳᠠ ᠶᠢᠨ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ | | 7 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ | | ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ | ᠰᠦᠢ ᠸᠧᠢ ᠵᠢᠶᠦ᠋ᠨ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠃ | ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠬᠦᠴᠦᠲᠡᠢ ᠵᠣᠬᠢᠶᠠᠨ ᠪᠠᠶᠢᠭᠤᠯᠤᠯᠲᠠ | ᠶᠢᠨ ᠰᠢᠰᠲ᠋ᠧᠮ ᠢ ᠪᠦᠷᠢᠨᠰᠢᠬᠦᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠰᠢᠶᠡᠴᠢ︾ | ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ᠂ ᠬᠡᠷᠡᠭᠵᠢᠭᠦᠯᠬᠦ | ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦ ᠶᠢ ᠪᠠᠲᠤᠳᠬᠠᠬᠤ᠂ ᠰᠡᠳᠬᠢᠯ ᠨᠢᠭᠡᠳᠦᠨ | ᠰᠦᠭ ᠰᠦᠨᠡᠰᠦ ᠶᠢ ᠱᠤᠭᠤᠬᠤ ᠬᠥᠮᠦᠵᠢᠯ ᠤᠨ ᠰᠢᠰᠲ᠋ᠧᠮ ᠢ ᠪᠦᠷᠢᠨᠰᠢᠬᠦᠯᠵᠦ᠂ ᠨᠠᠮ ᠤᠨ ᠰᠢᠨ᠎ᠡ ᠶᠢ ᠡᠭᠦᠳᠬᠦ | ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠨᠠᠮᠴᠢ ᠴᠢᠨᠠᠷ ᠤᠨ ᠬᠥᠮᠦᠵᠢᠯ ᠢ ᠴᠥᠬᠦᠷᠡᠰᠢ ᠦᠭᠡᠢ | ᠴᠢᠩᠭᠠᠳᠬᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ | ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠰᠠᠶᠢᠵᠢᠷᠠᠭᠤᠯᠬᠤ᠂ ᠰᠤᠷᠤᠯᠴᠠᠯᠭ᠎ᠠ ᠪᠠᠷ ᠠᠵᠢᠯᠯᠠᠬᠤ ᠶᠢ | ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠵᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠤᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠬᠤ | ᠬᠡᠷᠡᠭᠲᠡᠢ᠃ ᠤᠨᠢᠨ ᠳᠡᠭᠡᠷ᠎ᠡ ᠬᠦᠴᠦᠯᠡᠬᠦ᠂ ᠦᠩᠭᠡᠨ ᠲᠠᠯ᠎ᠠ ᠪᠠ ᠦᠨᠳᠦᠰᠦ ᠠᠴᠠ ᠵᠠᠰᠠᠬᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠤᠯᠤᠰ ᠲᠦᠷᠦ ᠶᠢᠨ ᠬᠢᠨᠠᠯᠲᠠ ᠶᠢ ᠰᠠᠶᠢᠳᠤᠷ ᠠᠳᠬᠤᠵᠤ᠂ | ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠨᠡᠪᠲᠡᠷᠡᠭᠦᠯᠬᠦ ᠲᠠᠪᠴᠠᠩ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨᠴᠢ ᠪᠥᠭᠡᠳ ᠪᠦᠷᠢᠨ | ᠲᠡᠭᠦᠯᠳᠡᠷ᠂ ᠪᠦᠲᠦᠮᠵᠢᠲᠡᠶ ᠪᠥᠭᠡᠳ ᠲᠤᠰᠠᠲᠠᠶ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠲᠦᠷᠢᠮ ᠤᠨ ᠬᠡᠷᠡᠭᠵᠢᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢ ᠬᠠᠤᠯᠢ ᠲᠣᠭᠲᠠᠭᠠᠯ ᠲᠦᠷᠢᠮ ᠤᠨ ᠵᠠᠮ ᠢᠶᠠᠷ ᠭᠦᠨᠵᠡᠭᠡᠶᠢᠷᠡᠭᠦᠯᠦᠨ | ᠬᠥᠭᠵᠢᠭᠦᠯᠬᠦ ᠶᠢ ᠠᠬᠢᠭᠤᠯᠬᠤ ᠬᠡᠷᠡᠭᠲᠡᠶ᠃ ᠭᠤᠣᠯ ᠴᠣᠭᠴᠠ ᠲᠣᠳᠣᠷᠬᠠᠢ᠂ ᠱᠠᠭᠠᠷᠳᠠᠯᠭ᠎ᠠ ᠲᠣᠳᠣᠷᠬᠠᠢ | ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ | ᠪᠤᠳᠠᠲᠠᠶᠢᠵᠢᠭᠤᠯᠬᠤ᠂ ᠬᠠᠷᠢᠭᠤᠴᠠᠯᠭ᠎ᠠ ᠶᠢᠨ ᠱᠠᠭᠠᠷᠳᠠᠯᠭ᠎ᠠ ᠵᠢᠪᠤᠳᠠᠲᠠᠶᠢᠵᠢᠭᠤᠯᠬᠤ᠂ ᠬᠢᠨᠠᠨ ᠰᠢᠯᠭᠠᠵᠤ | ᠬᠠᠷᠢᠭᠤᠴᠠᠯᠭ᠎ᠠ ᠨᠡᠬᠡᠮᠵᠢᠯᠡᠬᠦ ᠶᠢ ᠪᠤᠳᠠᠲᠠᠶᠢᠵᠢᠭᠤᠯᠬᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠶᠢ ᠮᠡᠳᠡᠬᠦ᠂ ᠬᠠᠷᠢᠭᠤᠴᠠᠯᠭ᠎ᠠ ᠶᠢ ᠡᠭᠦᠷᠭᠡᠯᠡᠬᠦ᠂ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ ᠠᠵᠢᠯ ᠢ ᠬᠠᠮᠢᠭ᠎ᠠ ᠬᠦᠷᠲᠡᠯ᠎ᠡ ᠬᠠᠮᠢᠶᠠᠷᠬᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠡᠨᠳᠡ ᠬᠦᠷᠲᠡᠯ᠎ᠡ ᠤᠷᠲᠤᠳᠬᠠᠬᠤ ᠶᠢ ᠦᠨᠡᠨ ᠬᠦ᠋ ᠪᠡᠶᠡᠯᠡᠭᠦᠯᠬᠦ | ᠬᠡᠷᠡᠭᠲᠡᠢ ᠭᠡᠵᠦ ᠬᠡᠯᠡᠪᠡ᠃ | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ ᠄ ᠲᠡᠷᠭᠡᠯ | |