ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠤᠶ᠎ᠠ᠄ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ | ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ | | 7 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠶᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ | ᠰᠠᠨᠠᠭ᠎ᠠ ᠵᠡᠷᠭᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠴᠢᠬᠤᠯᠠ ᠶᠡᠭᠡ ᠲᠡᠦᠬᠡᠲᠦ ᠴᠢᠨᠠᠷᠲᠠᠢ ᠬᠤᠷᠠᠯ ᠪᠣᠯᠤᠨ᠎ᠠ᠃ ᠪᠦᠭᠦᠳᠡ ᠬᠤᠷᠠᠯ ᠠᠴᠠ ᠪᠠᠲᠤᠯᠠᠭᠰᠠᠨ | ︽ᠲᠣᠭᠲᠠᠭᠠᠯ︾ ᠪᠣᠯ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠠᠴᠠ ᠨᠠᠰᠢᠬᠢ ᠥᠭᠡᠷᠡᠴᠢᠯᠡᠯᠲᠡᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ | ᠦᠷᠭᠦᠯᠵᠢᠯᠡᠯ ᠳᠡᠪᠲᠡᠷ ᠪᠣᠯᠬᠤ ᠪᠠᠷ ᠪᠠᠷᠠᠬᠤ ᠦᠭᠡᠢ ᠪᠠᠰᠠ ᠴᠤ᠋ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠪᠣᠯᠵᠤ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡᠡ ᠶᠢ ᠡᠴᠦᠰ ᠲᠤᠨᠢ ᠲᠤᠯᠲᠠᠯ᠎ᠠ | ᠬᠢᠬᠦ ᠡᠷᠡᠰ ᠵᠣᠷᠢᠭ ᠢ ᠭᠦᠢᠴᠡᠳ ᠢᠯᠡᠷᠡᠭᠦᠯᠦᠭᠰᠡᠨ ᠪᠠᠶᠢᠨ᠎ᠠ ᠃ | ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠢᠳᠡᠨ ᠤ ︽ | ᠲᠣᠭᠲᠠᠭᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠶᠢᠯᠠᠭᠠᠬᠤ᠂ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ | ᠬᠠᠩᠭᠠᠪᠠ ᠭᠡᠵᠦ ᠵᠢᠭᠠᠵᠤ ᠭᠠᠷᠭᠠᠵᠠᠢ᠃ | ᠬᠤᠷᠠᠯ ᠠᠴᠠ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ | ᠬᠤᠶᠢᠰᠢᠲᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠬᠦ ᠬᠡᠷᠡᠭᠲᠡᠢ᠃ ᠤᠯᠠᠮᠵᠢᠯᠠᠨ | ᠰᠤᠷᠤᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠣᠯᠠᠨ ᠲᠦᠮᠡᠨᠴᠢᠯᠡᠬᠦ᠂ ᠬᠠᠷᠢᠯᠴᠠᠨ ᠦᠢᠯᠡᠳᠦᠯᠴᠡᠵᠦ | ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ | ᠪᠣᠯᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠠᠮᠵᠢᠯᠲᠠ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭᠠᠲᠤ ᠤᠬᠠᠮᠰᠠᠷ ᠢᠶᠠᠨ | ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ | ᠦᠭᠡ ᠬᠡᠯᠡᠬᠦ ᠡᠷᠬᠡ ᠶᠢ ᠪᠠᠲᠤ ᠡᠵᠡᠮᠰᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ | ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠤᠳᠠᠭᠠᠨ ᠳᠠᠭᠠᠭᠠᠮᠠᠭᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠬᠦᠷᠢᠶᠡᠨ ᠤ ᠳᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ︽ᠡᠷᠬᠢᠨ | ᠬᠠᠷᠠᠬᠤ︾ ᠠᠵᠢᠯ ᠢ ᠰᠠᠶᠢᠳᠤᠷ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠬᠢᠯᠭ᠎ᠠ ᠪᠠᠲᠤ᠂ ᠪᠠᠶᠢᠭᠤᠯᠤᠯ ᠂ ᠡᠩᠨᠡᠭᠡᠨ ᠤ | ᠪᠠᠶᠢᠭᠤᠯᠤᠯᠲᠠ ᠶᠢ ᠦᠨᠡᠨ ᠬᠦ᠋ ᠴᠢᠩᠭᠠᠳᠬᠠᠵᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ | ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠬᠤᠤᠷᠲᠤ ᠡᠳ᠋ ᠢ ᠴᠠᠭᠠᠵᠠᠯᠠᠬᠤ ᠠᠵᠢᠯ ᠢ | ᠡᠷᠡᠰ ᠰᠠᠶᠢᠳᠤᠷ ᠬᠢᠵᠦ᠂ ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ | ᠬᠡᠷᠡᠭᠲᠡᠶ᠃ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠪᠠᠲᠤ ᠡᠭᠦᠷᠭᠡᠯᠡᠵᠦ᠂ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠲᠦᠷᠢᠮ ᠢ ᠴᠢᠩᠭ᠎ᠠ ᠬᠡᠷᠡᠭᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠪᠠᠰᠠ | ᠪᠤᠰᠤᠳ ᠵᠦᠢᠯ ᠢ ᠰᠤᠳᠤᠯᠵᠠᠢ ᠃ | | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ ᠄ ᠲᠡᠷᠭᠡᠯ | |