ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ‌‍ᠪᠠᠶᠢᠷᠢᠯᠠᠭᠤᠯᠤᠯᠲᠠ  ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ‌‍ᠪᠠᠶᠢᠷᠢᠯᠠᠭᠤᠯᠤᠯᠲᠠ  ᠶᠢᠨ ᠬᠤᠷᠠᠯ ᠬᠤᠷᠠᠯᠳᠤᠭᠤᠯᠪᠠ      ᠣᠶ᠋ᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ  ᠪᠠᠶᠢᠷᠢᠯᠠᠭᠤᠯᠤᠯᠲᠠ ᠶᠢᠨ ᠬᠤᠷᠠᠯ ᠵᠢᠴᠢ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃           ᠯᠢ ᠵᠢᠶᠠᠨ ᠵᠢᠶᠦ᠋ᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ︔ ᠭᠦᠨᠵᠡᠭᠡᠢ ᠰᠤᠷᠤᠯᠴᠠᠨ ᠨᠠᠷᠢᠨ  ᠤᠶᠢᠯᠠᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ ᠪᠠ ᠪᠠᠶᠠᠯᠢᠭ ᠠᠭᠤᠯᠤᠭᠳᠠᠬᠤᠨ ᠢ ᠰᠤᠷᠤᠯᠴᠠᠨ  ᠤᠠᠶᠢᠯᠭᠠᠵᠤ ᠨᠡᠪᠲᠡᠷᠡᠲᠡᠯ᠎ᠡ  ᠤᠶᠢᠯᠠᠭᠠᠬᠤ ᠬᠡᠷᠡᠭᠲᠡᠢ︔ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠠᠵᠢᠯ ᠢ ᠴᠢᠨᠠᠷ  ᠰᠠᠶᠢᠲᠠᠢ ᠥᠨᠳᠥᠷ ᠲᠦᠪᠰᠢᠨ ᠢᠶᠠᠷ  ᠰᠠᠶᠢᠳᠤᠷ ᠬᠢᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃           ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠯ᠎ᠡ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠭᠤᠤᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠤᠳᠬ᠎ᠠ ᠤᠷᠠᠯᠢᠭ ᠤᠨ  ᠤ ᠬᠤᠯᠪᠣᠭ᠎ᠠ᠂  ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠣᠯᠤᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ ᠪᠥᠬᠦ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃                                                  ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ  ᠰᠦᠯᠵᠢᠶ᠎ᠡᠳᠡᠪᠰᠢᠭᠦᠯᠦᠭᠴᠢ ᠄   ᠲᠡᠷᠭᠡᠯ 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2