ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ  ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/30
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ  ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ  ᠪᠠᠶᠢᠷᠢᠯᠠᠭᠤᠯᠤᠯᠲᠠ ᠶᠣᠰᠣᠭᠠᠷ᠂ 8 ᠰᠠᠷ᠎ᠠ ᠶᠢᠨ 15 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ  ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ  ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ  ᠲᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠶᠢᠨ ᠪᠦ᠋ᠦ ᠤᠬᠠᠭᠤᠯᠤᠨ  ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠮᠡᠳᠡᠭᠦᠯᠦᠯᠲᠡ ᠶᠢᠨ ᠬᠤᠷᠠᠯ ᠢ ᠡᠷᠭᠢᠯᠡᠪᠡ ᠃           ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ  ᠃           ᠮᠡᠳᠡᠭᠦᠯᠦᠯᠲᠡ ᠶᠢᠨ ᠬᠤᠷᠠᠯ ᠳᠡᠭᠡᠷ᠎ᠡ ᠂  ᠸᠠᠩ ᠶᠢᠨ ᠪᠦ᠋ᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠤᠠᠶᠢᠯᠭᠠᠵᠤ ᠂  ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ  ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ  ᠤᠠᠶᠢᠯᠭᠠᠵᠤ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠢᠮᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂  ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠳᠥᠷᠪᠡᠨ ᠲᠠᠯ᠎ᠠ ᠪᠠᠷ ᠣᠨᠣᠪᠴᠢᠲᠠᠶ  ᠲᠠᠶᠢᠯᠪᠤᠷᠢᠯᠠᠨ ᠭᠦᠨᠵᠡᠭᠡᠶ  ᠲᠠᠶᠢᠯᠪᠤᠷᠢᠯᠠᠪᠠ᠃  ᠬᠤᠷᠠᠯ ᠳᠤ ᠣᠷᠣᠯᠴᠠᠭᠰᠠᠨ ᠨᠥᠬᠦᠳ ᠠᠴᠠ᠂ ᠮᠡᠳᠡᠭᠦᠯᠦᠯᠲᠡ ᠶᠢᠨ ᠭᠤᠣᠯ ᠰᠡᠳᠦᠪ ᠢᠯᠡ ᠲᠣᠳᠣ᠂ ᠠᠭᠤᠯᠭ᠎ᠠ ᠨᠠᠷᠢᠨ ᠪᠣᠳᠠᠲᠠᠢ ᠂ ᠭᠦᠨᠵᠡᠭᠡᠢ ᠪᠥᠭᠡᠳ  ᠤᠶᠢᠯᠭᠠᠮᠵᠢᠲᠠᠢ  ᠤᠨᠤᠯ ᠤᠨ  ᠲᠠᠶᠢᠯᠪᠤᠷᠢᠯᠠᠯᠲᠠ  ᠪᠠᠶᠢᠬᠤ ᠮᠥᠷᠲᠡᠭᠡᠨ ᠪᠠᠰᠠ ᠪᠣᠳᠠᠲᠠᠢ ᠲᠠᠢ ᠤᠶᠠᠯᠳᠤᠭᠤᠯᠤᠭᠰᠠᠨ   ᠤᠶᠢᠯᠠᠭᠠᠯᠲᠠ ᠶᠢᠨ ᠪᠣᠳᠣᠯᠬᠢᠯᠠᠯ ᠲᠠᠢ  ᠪᠠᠶᠢᠵᠤ᠂  ᠮᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ  ᠰᠠᠶᠢᠳᠤᠷ ᠠᠳᠬᠤᠬᠤ ᠳᠤ ᠮᠠᠰᠢ  ᠰᠠᠶᠢᠨ ᠵᠢᠯᠣᠭᠤᠳᠬᠤ ᠠᠴᠢ ᠬᠤᠯᠪᠣᠭᠳᠠᠯ ᠲᠠᠢ ᠭᠡᠵᠦ ᠢᠯᠡᠳᠬᠡᠪᠡ᠃            ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠰᠦᠢ ᠸᠧᠢ ᠵᠢᠶᠦ᠋ᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ  ᠬᠤᠶᠢᠰᠢᠲᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ  ᠰᠠᠶᠢᠳᠤᠷ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠲᠠᠢ  ᠨᠢᠭᠲᠠ ᠤᠶᠠᠯᠳᠤᠭᠤᠯᠵᠤ᠂ ᠰᠤᠷᠤᠯᠴᠠᠨ  ᠤᠠᠶᠢᠯᠭᠠᠵᠤ ᠨᠡᠪᠲᠡᠷᠡᠲᠡᠯ᠎ᠡ  ᠤᠠᠶᠢᠯᠭᠠᠵᠤ᠂  ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ  ᠤᠠᠶᠢᠯᠭᠠᠵᠤ᠂  ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠠᠵᠢᠯᠳᠠᠨ ᠤ ᠡᠭᠡᠯᠵᠢᠯᠡᠨ ᠪᠣᠯᠪᠠᠰᠤᠷᠠᠭᠤᠯᠬᠤ ᠪᠠ ᠰᠢᠰᠲ᠋ᠧᠮ ᠲᠠᠢ ᠪᠣᠯᠪᠠᠰᠤᠷᠠᠯ ᠢ  ᠰᠠᠶᠢᠳᠤᠷ ᠠᠳᠬᠤᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠬᠠᠨᠳᠤᠭᠤᠯᠤᠭᠰᠠᠨ ᠤᠬᠠᠭᠤᠯᠤᠨ  ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠠᠵᠢᠯ ᠤᠨ ᠪᠣᠳᠠᠲᠤ  ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ  ᠰᠠᠶᠢᠳᠤᠷ ᠬᠢᠬᠦ ᠪᠠ ︽ᠵᠢᠷᠭᠤᠭᠠᠨ ᠢᠨᠵᠧᠨᠧᠷᠢᠩ︾ ᠤᠨ ᠳᠤᠮᠳᠠᠬᠢ ᠬᠦᠴᠢᠷ ᠠᠰᠠᠭᠤᠳᠠᠯ ᠢ  ᠰᠠᠶᠢᠳᠤᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ᠂ ᠴᠢᠬᠤᠯᠠ ᠥᠭᠡᠷᠡᠴᠢᠯᠡᠯᠲᠡ ᠶᠢ ᠲᠥᠯᠥᠪᠵᠢᠭᠦᠯᠦᠨ ᠬᠡᠷᠡᠭᠵᠢᠭᠦᠯᠵᠦ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ︽ᠮ᠊ ‍ᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠣᠪᠣᠷ ᠢᠶᠠᠷ ᠤᠯᠠᠭᠠᠨᠴᠠᠪ ᠤᠨ ᠶᠠᠪᠤᠳᠠᠯ ᠢ  ᠰᠠᠶᠢᠳᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠬᠡᠯᠡᠪᠡ᠃             ᠮᠡᠳᠡᠭᠦᠯᠦᠯᠲᠡ ᠶᠢᠨ ᠬᠤᠷᠠᠯ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠬᠤᠳᠠ ᠶᠢᠨ ᠰᠢᠭᠤᠳ ᠬᠠᠷᠢᠶ᠎ᠠ ᠪᠠ ᠬᠤᠳᠠ ᠳᠤ ᠰᠠᠭᠤᠭ᠎ᠠ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠳᠠ ᠳᠤ ᠰᠠᠭᠤᠭ᠎ᠠ ᠡᠯ᠎ᠡ ᠶᠡᠭᠡ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ  ᠪᠠᠶᠢᠭ᠎ᠠ ᠤᠯᠠᠭᠠᠨᠴᠠᠪ ᠬᠤᠳᠠ ᠶᠢᠨ ᠤᠬᠠᠭᠤᠯᠤᠨ  ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠤᠣᠯ ᠬᠤᠷᠠᠯ ᠤᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠴᠠᠢ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃          15 ᠤ ᠡᠳᠦᠷ ᠤᠨ ᠦᠳᠡ ᠶᠢᠨ ᠬᠤᠶᠢᠨ᠎ᠠ ᠂  ᠸᠠᠩ ᠶᠢᠨ ᠪᠦ᠋ᠦ ᠥᠪᠥᠷ ᠮᠣᠩᠭᠤᠯ ᠤᠨ ᠰᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠤᠬᠠᠭᠤᠯᠤᠨ  ᠲᠠᠶᠢᠯᠪᠤᠷᠢᠯᠠᠵᠤ᠂ ᠠᠵᠤ  ᠠᠬᠤᠶᠢᠯᠠᠯ ᠤᠨ ᠬᠠᠷᠢᠭᠤᠴᠠᠯᠭᠠᠲᠠᠨ᠂ ᠠᠵᠢᠯᠳᠠᠨ ᠠᠵᠢᠯᠴᠢᠨ ᠤ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ ᠃                                      ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄   ᠲᠡᠷᠭᠡᠯ 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2