ᠳᠥᠷᠪᠡᠳ ᠬᠤᠰᠢᠭᠤᠨ ᠤ ᠪᠠᠶᠠᠨᠴᠣᠭᠲᠤ ᠪᠠᠯᠭᠠᠰᠤ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/31
      ᠳᠥᠷᠪᠡᠳ ᠬᠤᠰᠢᠭᠤᠨ ᠤ ᠪᠠᠶᠠᠨᠴᠣᠭᠲᠤ ᠪᠠᠯᠭᠠᠰᠤ ᠶᠢᠨ ᠲᠣᠪᠴᠢ ᠲᠠᠨᠢᠯᠴᠠᠭᠤᠯᠭ᠎ᠠ      ᠨᠢᠭᠡ᠂ ᠭᠤᠣᠯ ᠡᠭᠦᠷᠭᠡ ᠬᠠᠷᠢᠭᠤᠴᠠᠯᠭ᠎ᠠ      1. ᠨᠠᠮ ᠪᠣᠯᠤᠨ ᠤᠯᠤᠰ ᠤᠨ ᠲᠠᠷᠢᠶᠠᠯᠠᠬᠤ ᠮᠠᠯᠵᠢᠬᠤ ᠣᠷᠣᠨ ᠳᠠᠬᠢ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠨᠡᠨᠬᠦ ᠶᠠᠪᠤᠭᠳᠠᠭᠤᠰᠢᠲᠠᠢ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠥᠭᠵᠢᠭᠦᠯᠦᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠲᠣᠭᠲᠠᠭᠠᠵᠤ᠂ ᠰᠤᠮᠤ ᠰᠢᠶᠠᠩ ᠪᠠᠯᠭᠠᠰᠤ ᠶᠢᠨ ᠠᠵᠤ ᠠᠬᠤᠢ ᠵᠢᠴᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠪᠦᠬᠦ ᠲᠠᠯ᠎ᠠ ᠪᠠᠷ᠂ ᠡᠷᠡᠭᠦᠯ᠂ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃        2᠂ ᠣᠷᠣᠨ ᠪᠦᠰᠡ ᠶᠢᠨ ᠳᠣᠲᠣᠷᠠᠬᠢ ᠵᠠᠬ᠎ᠠ ᠳᠡᠯᠭᠡᠭᠦᠷ ᠤᠨ ᠰᠢᠰᠲᠧᠮ ᠤᠨ ᠪᠠᠶᠢᠭᠤᠯᠤᠯᠲᠠ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ ;ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠬᠥᠮᠦᠨ ᠠᠮᠠ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃        3. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ ;ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠬᠥᠲᠥᠯᠦᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠳᠠᠰᠢ ᠰᠢᠯᠵᠢᠭᠦᠯᠬᠦ ᠬᠡᠷᠡᠭᠲᠡᠢ ;ᠬᠥᠳᠡᠯᠮᠦᠷᠢ ᠶᠢᠨ ᠬᠦᠴᠦᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠭᠤᠯᠤᠯ ᠬᠢᠬᠦ ᠠᠵᠢᠯ ᠢ ᠰᠠᠶᠢᠲᠤᠷ ᠬᠢᠵᠦ᠂ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ ;ᠲᠠᠷᠢᠶᠠᠴᠢᠨ ᠮᠠᠯᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠣᠷᠠᠭᠤᠯᠤᠯ ᠪᠣᠯᠤᠨ ᠦᠢᠯᠡᠴᠢᠯᠡᠭᠡᠨ ᠢ ᠰᠠᠶᠢᠲᠤᠷ ᠬᠢᠵᠦ᠂ ᠨᠡᠩ ᠣᠯᠠᠨ ᠲᠠᠷᠢᠶᠠᠴᠢᠨ ᠮᠠᠯᠴᠢᠨ ᠳᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠡᠵᠡᠮᠰᠢᠭᠦᠯᠬᠦ ᠬᠡᠷᠡᠭᠲᠡᠢ ;ᠲᠠᠷᠢᠶᠠᠴᠢᠨ ᠮᠠᠯᠴᠢᠳ ᠲᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠠᠯ᠎ᠠ ᠪᠠᠷ ᠪᠠ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠬᠡᠷᠡᠭᠲᠡᠢ ;ᠮᠠᠯᠴᠢᠨ ᠲᠠᠷᠢᠶᠠᠴᠢᠳ ᠲᠤ ᠦᠢᠯᠡᠳᠪᠦᠷᠢᠯᠡᠬᠦ_‍ᠡᠴᠡ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠬᠠᠩᠭᠠᠬᠤ ᠬᠡᠷᠡᠭᠲᠡᠢ ;ᠰᠣᠶᠣᠯ ᠰᠤᠷᠭᠠᠨ ᠬᠥᠮᠦᠵᠢᠯ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠢ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠨᠠᠰᠤᠵᠢᠯ ᠤᠨ ᠳᠠᠭᠠᠳᠬᠠᠯ ᠪᠣᠯᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠢ ᠰᠠᠶᠢᠲᠤᠷ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ᠂ ᠭᠠᠮᠰᠢᠭ᠋/‍ᠠ᠋ᠴᠠ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯᠲᠡᠢ ᠶᠢ ᠲᠡᠳᠬᠦᠨ ᠰᠢᠢᠳᠪᠦᠷᠢᠯᠡᠬᠦ ᠵᠡᠷᠭᠡ ᠠᠵᠢᠯ ᠢ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃        4. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠦᠰᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠨ᠎ᠠ ;ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠠᠵᠤ ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠬᠡᠷᠡᠭᠲᠡᠢ᠃        5. ᠣᠷᠣᠨ ᠪᠦᠰᠡ ᠶᠢᠨ ᠳᠣᠲᠣᠷᠠᠬᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠴᠢᠩᠭᠠᠷᠠᠭᠤᠯᠤᠨ᠂ ᠣᠷᠣᠨ ᠪᠦᠰᠡ ᠶᠢᠨ ᠳᠣᠲᠣᠷᠠᠬᠢ ᠮᠠᠯ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃       6. ᠰᠤᠮᠤ ᠰᠢᠶᠠᠩ ᠪᠠᠯᠭᠠᠰᠤᠨ ᠤ ᠠᠵᠤ ᠠᠬᠤᠢ ᠡᠳ᠋ ᠤᠨ ᠵᠠᠰᠠᠭ ᠢ ᠬᠠᠮᠢᠶᠠᠷᠤᠨ᠎ᠠ ;ᠲᠤᠰ ᠣᠷᠣᠨ ᠪᠦᠰᠡ ᠶᠢᠨ ᠳᠣᠲᠣᠷᠠᠬᠢ ᠭᠠᠵᠠᠷ ᠰᠢᠷᠣᠢ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠤᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠤᠰ ᠭᠠᠵᠠᠷ ᠣᠷᠣᠨ ᠤ ᠪᠠᠨ ᠴᠤᠭᠯᠠᠭ᠎ᠠ ᠪᠠᠯᠭᠠᠰᠤ᠂ ᠲᠣᠰᠬᠤᠨ ᠪᠠᠯᠭᠠᠰᠤ ᠶᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠪᠠ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠠᠮᠢᠶᠠᠷᠴᠤ᠂ ᠰᠤᠮᠤ ᠰᠢᠶᠠᠩ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠬᠡᠷᠡᠭᠲᠡᠢ᠃        7. ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠨ᠂ ᠨᠡᠶᠢᠭᠡᠮ ᠤᠨ ᠡᠮᠬᠢ ᠳᠢᠭᠯᠢᠮ ᠪᠠ ᠲᠣᠭᠲᠠᠭᠤᠨ ᠢ ᠬᠠᠮᠠᠭᠠᠯᠠᠵᠤ᠂ ᠨᠡᠶᠢᠭᠡᠮ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃       8. ᠰᠤᠮᠤ ᠰᠢᠶᠠᠩ ᠪᠠᠯᠭᠠᠰᠤ ᠶᠢᠨ ᠡᠯ᠎ᠡ ᠲᠥᠷᠥᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠡᠯ᠎ᠡ ᠬᠤᠪᠢ ᠶᠢᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠵᠢᠷᠤᠮᠯᠠᠵᠤ᠂ ᠬᠠᠤᠯᠢ ᠶᠣᠰᠣᠭᠠᠷ ᠡᠵᠡᠩᠨᠡᠵᠦ᠂ ᠬᠠᠤᠯᠢ ᠶᠣᠰᠣᠭᠠᠷ ᠭᠠᠶᠢᠯᠢ ᠲᠤᠰᠢᠶᠠᠬᠤ ᠳᠤ ᠬᠢᠨᠠᠯᠲᠠ ᠲᠠᠯᠪᠢᠨ᠎ᠠ ;ᠰᠤᠮᠤ ᠰᠢᠶᠠᠩ ᠪᠠᠯᠭᠠᠰᠤ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠭᠡᠳᠦ ᠱᠠᠲᠤᠨ ᠤ ᠲᠣᠬᠢᠷᠠᠭᠤᠯᠤᠨ ᠪᠠᠶᠢᠷᠢᠯᠠᠭᠤᠯᠤᠭᠰᠠᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠭᠤᠣᠯᠴᠢ ᠪᠠᠷ ᠠᠵᠢᠯ ᠡᠷᠬᠢᠯᠡᠬᠦ᠂ ᠠᠷᠢᠭᠤᠨ ᠴᠢᠬᠡᠴᠢ ᠪᠠᠶᠢᠬᠤ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠢ᠃       9. ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠵᠦ᠂ ᠥᠷᠭᠡᠨ ᠣᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠤᠨ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠵᠦ᠂ ᠠᠷᠠᠳᠴᠢᠯᠠᠯ ᠲᠥᠪᠯᠡᠷᠡᠯ ᠤᠨ ᠶᠣᠰᠣᠨ ᠤ ᠰᠢᠯᠢᠳᠡᠭ ᠰᠤᠷᠲᠠᠯ ᠢ ᠪᠠᠳᠠᠷᠠᠭᠤᠯᠬᠤ ᠬᠡᠷᠡᠭᠲᠡᠢ᠃       10. ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠵᠢᠯ ᠢ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ( ᠨᠢᠭᠡ ) ᠨᠠᠮ ᠵᠠᠰᠠᠭ ᠤᠨ 6 ᠪᠠᠶᠢᠭᠤᠯᠤᠮᠵᠢ      1 、 ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠡᠭᠦᠷᠭᠡ ᠬᠠᠷᠢᠭᠤᠴᠠᠯᠭ᠎ᠠ᠄ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠳᠣᠳᠣᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠢ ᠡᠭᠦᠷᠭᠡᠯᠡᠨ᠎ᠡ ;ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠬᠢᠨᠠᠵᠤ ᠪᠠᠶᠢᠴᠠᠭᠠᠬᠤ ᠠᠵᠢᠯ ᠢ ᠬᠠᠷᠢᠭᠤᠴᠠᠨ᠎ᠠ ;ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠤᠨ ᠠᠵᠢᠯ ᠢ ᠬᠠᠷᠢᠭᠤᠴᠠᠨ᠎ᠠ᠃       2 ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠡᠭᠦᠷᠭᠡ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ ;ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ ;ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠨᠢᠭᠡᠳᠦᠮᠡᠯ ᠹᠷᠣᠨᠲ᠂ ᠦᠨᠳᠦᠰᠦᠲᠡᠨ ᠤ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃       3 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠡᠭᠦᠷᠭᠡ ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ ;ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ;ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ ;ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃       4 、 ᠨᠡᠶᠢᠭᠡᠮ ᠤᠨ ᠠᠵᠢᠯ ᠤᠨ ᠠᠯᠪᠠᠨ ᠭᠡᠷ ᠡᠭᠦᠷᠭᠡ ᠬᠠᠷᠢᠭᠤᠴᠠᠯᠭ᠎ᠠ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃        5. ᠠᠮᠤᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠡᠭᠦᠷᠭᠡ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ ;ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ ;ᠲᠣᠧᠷᠴᠢᠯᠠᠭᠰᠠᠨ ᠠᠵᠢᠯ ᠢ ᠬᠠᠷᠢᠭᠤᠴᠠᠨ᠎ᠠ᠃       6 、 ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠡᠭᠦᠷᠭᠡ ᠬᠠᠷᠢᠭᠤᠴᠠᠯᠭ᠎ᠠ᠄ ᠬᠠᠷᠢᠶ᠎ᠠ ᠲᠣᠭᠤᠷᠢᠭ  ᠲᠠᠬᠢ ᠬᠤᠲᠠ ᠶᠢᠨ ᠳᠦᠷᠢ ᠲᠦᠷᠬᠦ᠂ ᠣᠷᠴᠢᠨ ᠲᠣᠭᠤᠷᠢᠨ ᠤ ᠠᠷᠢᠭᠤᠨ ᠴᠡᠪᠡᠷ᠂ ᠪᠠᠭ᠎ᠠ ᠲᠣᠭᠤᠷᠢᠭ ᠤᠨ ᠠᠳᠠᠯ ᠠᠬᠤᠢ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ ;ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠥᠪ ᠢ ᠬᠢᠨᠠᠨ ᠰᠢᠯᠭᠠᠬᠤ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠳᠤ ᠣᠷᠣᠬᠤ ᠵᠡᠷᠭᠡ ᠠᠵᠢᠯ ᠢ ᠬᠠᠷᠢᠭᠤᠴᠠᠨ᠎ᠠ ;ᠬᠠᠷᠢᠶᠠᠲᠤ ᠣᠷᠣᠨ ᠤ ᠳᠣᠲᠣᠷᠠᠬᠢ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠢ ᠬᠠᠷᠢᠭᠤᠴᠠᠨ᠎ᠠ ;ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠰᠡᠷᠭᠡᠶᠢᠯᠡᠯᠲᠡ ᠪᠠ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠬᠡᠷᠡᠭᠲᠡᠢ ;ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠵᠦᠢᠯᠡᠰ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ ;ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠰᠠᠭᠤᠭᠠᠯᠢ ᠲᠣᠭᠤᠷᠢᠭ ᠢ ᠴᠡᠭᠴᠡᠯᠡᠨ ᠵᠠᠰᠠᠬᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠬᠦ ᠬᠡᠷᠡᠭᠲᠡᠢ᠃      ( ᠬᠤᠶᠠᠷ ) 3 ᠠᠵᠢᠯ ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ      1 、 ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠲᠦᠮᠡᠨ ᠳᠤ ᠦᠢᠯᠡᠴᠢᠯᠡᠬᠦ ᠲᠥᠷᠥᠯ ᠵᠦᠢᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ ;ᠬᠠᠷᠢᠶᠠᠲᠤ ᠣᠷᠣᠨ ᠤ ᠨᠠᠮ ᠤᠨ ᠭᠡᠰᠢᠭᠦᠨ  ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ ;ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭ᠎ᠠ ᠬᠢᠬᠦ ᠲᠠᠯᠠᠪᠤᠷ ᠭᠠᠵᠠᠷ ᠲᠤ ᠦᠢᠯᠡᠴᠢᠯᠡᠬᠦ ᠴᠢᠳᠠᠪᠬᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠬᠤ ᠬᠡᠷᠡᠭᠲᠡᠢ ;ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ ;ᠴᠡᠷᠢᠭ ᠤᠨ ᠠᠯᠪᠠᠨ᠋‌‍ᠠ᠋ᠴᠠ ᠪᠠᠭᠤᠭᠰᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠪᠣᠯᠭᠤᠭᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ ;ᠰᠢᠶᠠᠩ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃       2 、 ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠪ ᠡᠭᠦᠷᠭᠡ ᠬᠠᠷᠢᠭᠤᠴᠠᠯᠭ᠎ᠠ᠄ ᠪᠠᠯᠭᠠᠰᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠋‌‍ᠠ᠋ᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃       3. ᠶᠡᠷᠦᠩᠬᠡᠢ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ ;ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ ;ᠲᠠᠷᠢᠶᠠᠴᠢᠨ ᠮᠠᠯᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ ;ᠲᠤᠰᠬᠠᠢ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃       ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 —18 : 00       ᠠᠵᠢᠯᠯᠠᠬᠤ ᠭᠠᠵᠠᠷ᠄ ᠳᠥᠷᠪᠡᠳ ᠬᠤᠰᠢᠭᠤᠨ ᠤ ᠪᠠᠶᠠᠨ ᠴᠣᠭᠲᠤ ᠪᠠᠯᠭᠠᠰᠤ ᠶᠢᠨ ᠠᠷᠠᠳ ᠶᠢᠨ ᠵᠠᠰᠠᠭ ᠤᠨ ᠣᠷᠳᠣᠨ       ᠠᠯᠪᠠᠨ ᠭᠡᠷ ᠤᠨ ᠤᠲᠠᠰᠤ᠄ 047597108n       ᠰᠢᠤᠳᠠᠨ ᠨᠣᠮᠧᠷ᠄ 011800       ᠬᠠᠷᠢᠭᠤᠴᠠᠯᠭᠠᠲᠠᠨ ᠄  ᠪᠤᠯᠠᠭᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2