ᠳᠥᠷᠪᠡᠳ ᠬᠤᠰᠢᠭᠤᠨ ᠤ ᠬᠤᠩᠭᠤᠷ ᠰᠤᠮᠤ ᠶᠢᠨ ᠲᠣᠪᠴᠢ ᠲᠠᠨᠢᠯᠴᠠᠭᠤᠯᠭ᠎ᠠ | | | ᠨᠢᠭᠡ᠂ ᠭᠤᠣᠯ ᠡᠭᠦᠷᠭᠡ ᠬᠠᠷᠢᠭᠤᠴᠠᠯᠭ᠎ᠠ | 1. ᠨᠠᠮ ᠪᠣᠯᠤᠨ ᠤᠯᠤᠰ ᠤᠨ ᠲᠠᠷᠢᠶᠠᠯᠠᠬᠤ ᠮᠠᠯᠵᠢᠬᠤ ᠣᠷᠣᠨ ᠳᠠᠬᠢ ᠱᠤᠭᠤᠮ᠂ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠨᠡᠨᠬᠦ ᠶᠠᠪᠤᠭᠳᠠᠭᠤᠰᠢᠲᠠᠢ᠂ ᠰᠢᠨᠵᠢᠯᠡᠬᠦ ᠤᠬᠠᠭᠠᠨᠴᠢ | ᠵᠦᠢ ᠵᠣᠬᠢᠰᠲᠠᠢ ᠬᠥᠭᠵᠢᠭᠦᠯᠦᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠲᠣᠭᠲᠠᠭᠠᠵᠤ᠂ ᠰᠤᠮᠤ ᠰᠢᠶᠠᠩ | ᠪᠠᠯᠭᠠᠰᠤ ᠶᠢᠨ ᠠᠵᠤ ᠠᠬᠤᠢ ᠵᠢᠴᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠪᠦᠬᠦ ᠲᠠᠯ᠎ᠠ ᠪᠠᠷ᠂ ᠡᠷᠡᠭᠦᠯ᠂ ᠡᠶ᠎ᠡ | ᠵᠣᠬᠢᠴᠠᠯ ᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ | 2᠂ ᠣᠷᠣᠨ ᠪᠦᠰᠡ ᠶᠢᠨ ᠳᠣᠲᠣᠷᠠᠬᠢ ᠵᠠᠬ᠎ᠠ ᠳᠡᠯᠭᠡᠭᠦᠷ ᠤᠨ ᠰᠢᠰᠲᠧᠮ ᠤᠨ ᠪᠠᠶᠢᠭᠤᠯᠤᠯᠲᠠ᠂ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ ;ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ᠂ ᠬᠥᠮᠦᠨ ᠠᠮᠠ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | 3. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ | ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠠᠬᠤᠶᠢᠯᠠᠯ ᠤᠨ | ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ ;ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ | ᠰᠢᠯᠵᠢᠭᠦᠯᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ | ᠬᠥᠲᠥᠯᠦᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠳᠠᠰᠢ ᠰᠢᠯᠵᠢᠭᠦᠯᠬᠦ ᠬᠡᠷᠡᠭᠲᠡᠢ ;ᠬᠥᠳᠡᠯᠮᠦᠷᠢ ᠶᠢᠨ | ᠬᠦᠴᠦᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠭᠤᠯᠤᠯ ᠬᠢᠬᠦ ᠠᠵᠢᠯ ᠢ ᠰᠠᠶᠢᠲᠤᠷ ᠬᠢᠵᠦ᠂ | ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ ;ᠲᠠᠷᠢᠶᠠᠴᠢᠨ ᠮᠠᠯᠴᠢᠳ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠪᠣᠯᠪᠠᠰᠣᠷᠠᠭᠤᠯᠤᠯ ᠪᠣᠯᠤᠨ ᠦᠢᠯᠡᠴᠢᠯᠡᠭᠡᠨ ᠢ ᠰᠠᠶᠢᠲᠤᠷ ᠬᠢᠵᠦ᠂ ᠨᠡᠩ ᠣᠯᠠᠨ ᠲᠠᠷᠢᠶᠠᠴᠢᠨ | ᠮᠠᠯᠴᠢᠨ ᠳᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠡᠵᠡᠮᠰᠢᠭᠦᠯᠬᠦ ᠬᠡᠷᠡᠭᠲᠡᠢ ; | ᠲᠠᠷᠢᠶᠠᠴᠢᠨ ᠮᠠᠯᠴᠢᠳ ᠲᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠠᠯ᠎ᠠ ᠪᠠᠷ ᠪᠠ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ | ᠬᠠᠩᠭᠠᠬᠤ ᠬᠡᠷᠡᠭᠲᠡᠢ ;ᠮᠠᠯᠴᠢᠨ ᠲᠠᠷᠢᠶᠠᠴᠢᠳ ᠲᠤ ᠦᠢᠯᠡᠳᠪᠦᠷᠢᠯᠡᠬᠦ_ᠡᠴᠡ ᠡᠮᠦᠨᠡᠬᠢ᠂ ᠦᠢᠯᠡᠳᠪᠦᠷᠢᠯᠡᠯ ᠤᠨ | ᠳᠤᠮᠳᠠᠬᠢ᠂ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠬᠠᠩᠭᠠᠬᠤ ᠬᠡᠷᠡᠭᠲᠡᠢ ;ᠰᠣᠶᠣᠯ ᠰᠤᠷᠭᠠᠨ ᠬᠥᠮᠦᠵᠢᠯ | ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠢ ᠥᠷᠨᠢᠭᠦᠯᠵᠦ᠂ | ᠲᠠᠷᠢᠶᠠᠯᠠᠬᠤ ᠮᠠᠯᠵᠢᠬᠤ ᠣᠷᠣᠨ ᠤ ᠨᠠᠰᠤᠵᠢᠯ ᠤᠨ ᠳᠠᠭᠠᠳᠬᠠᠯ ᠪᠣᠯᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠭᠡ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠢ ᠰᠠᠶᠢᠲᠤᠷ ᠥᠷᠨᠢᠭᠦᠯᠵᠦ᠂ ᠲᠠᠷᠢᠶᠠᠯᠠᠬᠤ | ᠮᠠᠯᠵᠢᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ᠂ ᠭᠠᠮᠰᠢᠭ᠋/ᠠ᠋ᠴᠠ ᠠᠪᠤᠷᠠᠨ ᠲᠤᠰᠠᠯᠠᠬᠤ᠂ ᠶᠠᠳᠠᠭᠤ | ᠬᠦᠴᠢᠷᠳᠡᠯᠲᠡᠢ ᠶᠢ ᠲᠡᠳᠬᠦᠨ ᠰᠢᠢᠳᠪᠦᠷᠢᠯᠡᠬᠦ ᠵᠡᠷᠭᠡ ᠠᠵᠢᠯ ᠢ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ | 4. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠦᠰᠡ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠨ᠎ᠠ ; | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠨ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ | ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠠᠵᠤ | ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠬᠡᠷᠡᠭᠲᠡᠢ᠃ | 5. ᠣᠷᠣᠨ ᠪᠦᠰᠡ ᠶᠢᠨ ᠳᠣᠲᠣᠷᠠᠬᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠴᠢᠩᠭᠠᠷᠠᠭᠤᠯᠤᠨ᠂ ᠤᠰᠤᠨ ᠤ | ᠬᠠᠮᠠᠭᠠᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ | ᠠᠬᠤᠢ ᠶᠢ ᠪᠣᠢ ᠪᠣᠯᠭᠠᠬᠤ ᠬᠡᠷᠡᠭᠲᠡᠢ᠃ | 6. ᠰᠤᠮᠤ ᠰᠢᠶᠠᠩ ᠪᠠᠯᠭᠠᠰᠤᠨ ᠤ ᠠᠵᠤ ᠠᠬᠤᠢ ᠡᠳ᠋ ᠤᠨ ᠵᠠᠰᠠᠭ ᠢ ᠬᠠᠮᠢᠶᠠᠷᠤᠨ᠎ᠠ ;ᠲᠤᠰ ᠣᠷᠣᠨ | ᠪᠦᠰᠡ ᠶᠢᠨ ᠳᠣᠲᠣᠷᠠᠬᠢ ᠭᠠᠵᠠᠷ ᠰᠢᠷᠣᠢ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠬᠥᠳᠡᠭᠡ | ᠲᠣᠰᠬᠤᠨ ᠤ ᠵᠠᠰᠠᠮᠠᠯ ᠵᠠᠮ ᠢ ᠬᠠᠮᠢᠶᠠᠷᠤᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠤᠰ | ᠭᠠᠵᠠᠷ ᠣᠷᠣᠨ ᠤ ᠪᠠᠨ ᠴᠤᠭᠯᠠᠭ᠎ᠠ ᠪᠠᠯᠭᠠᠰᠤ᠂ ᠲᠣᠰᠬᠤᠨ ᠪᠠᠯᠭᠠᠰᠤ ᠶᠢ ᠲᠥᠯᠥᠪᠵᠢᠭᠦᠯᠵᠦ ᠪᠦᠲᠦᠭᠡᠨ ᠪᠠᠶᠢᠭᠤᠯᠬᠤ | ᠪᠠ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠠᠮᠢᠶᠠᠷᠴᠤ᠂ ᠰᠤᠮᠤ | ᠰᠢᠶᠠᠩ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠬᠡᠷᠡᠭᠲᠡᠢ᠃ | 7. ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡᠨ ᠢ ᠥᠷᠨᠢᠭᠦᠯᠵᠦ᠂ | ᠨᠡᠶᠢᠭᠡᠮ ᠤᠨ ᠵᠥᠷᠢᠴᠡᠯ ᠪᠣᠯᠤᠨ ᠵᠢᠭᠤᠷᠠᠯᠳᠤᠭᠠᠨ ᠢ ᠠᠷᠢᠯᠭᠠᠨ᠂ ᠨᠡᠶᠢᠭᠡᠮ ᠤᠨ ᠡᠮᠬᠢ ᠳᠢᠭᠯᠢᠮ ᠪᠣᠯᠤᠨ | ᠲᠣᠭᠲᠠᠭᠤᠨ ᠢ ᠬᠠᠮᠠᠭᠠᠯᠠᠵᠤ᠂ ᠨᠡᠶᠢᠭᠡᠮ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠮᠠᠯᠴᠢᠨ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ | 8. ᠰᠤᠮᠤ ᠰᠢᠶᠠᠩ ᠪᠠᠯᠭᠠᠰᠤ ᠶᠢᠨ ᠡᠯ᠎ᠡ ᠲᠥᠷᠥᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ | ᠡᠯ᠎ᠡ ᠬᠤᠪᠢ ᠶᠢᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ | ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠵᠢᠷᠤᠮᠯᠠᠵᠤ᠂ ᠬᠠᠤᠯᠢ ᠶᠣᠰᠣᠭᠠᠷ ᠡᠵᠡᠩᠨᠡᠵᠦ᠂ ᠬᠠᠤᠯᠢ | ᠶᠣᠰᠣᠭᠠᠷ ᠭᠠᠶᠢᠯᠢ ᠲᠤᠰᠢᠶᠠᠬᠤ ᠳᠤ ᠬᠢᠨᠠᠯᠲᠠ ᠲᠠᠯᠪᠢᠨ᠎ᠠ ;ᠰᠤᠮᠤ ᠰᠢᠶᠠᠩ ᠪᠠᠯᠭᠠᠰᠤ ᠶᠢᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠳᠡᠭᠡᠳᠦ ᠱᠠᠲᠤᠨ ᠤ ᠲᠣᠬᠢᠷᠠᠭᠤᠯᠤᠨ ᠪᠠᠶᠢᠷᠢᠯᠠᠭᠤᠯᠤᠭᠰᠠᠨ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠵᠠᠰᠠᠭ | ᠶᠠᠪᠤᠭᠤᠯᠬᠤ᠂ ᠭᠤᠣᠯᠴᠢ ᠪᠠᠷ ᠠᠵᠢᠯ ᠡᠷᠬᠢᠯᠡᠬᠦ᠂ ᠠᠷᠢᠭᠤᠨ ᠴᠢᠬᠡᠴᠢ ᠪᠠᠶᠢᠬᠤ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠬᠡᠷᠡᠭᠲᠡᠢ᠃ | 9. ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠵᠦ᠂ | ᠥᠷᠭᠡᠨ ᠣᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠤᠨ᠂ ᠣᠯᠠᠨ ᠲᠦᠮᠡᠨ ᠤ ᠬᠢᠨᠠᠯᠲᠠ ᠲᠠᠯᠪᠢᠬᠤ ᠶᠢ | ᠬᠦᠯᠢᠶᠡᠵᠦ᠂ ᠠᠷᠠᠳᠴᠢᠯᠠᠯ ᠲᠥᠪᠯᠡᠷᠡᠯ ᠤᠨ ᠶᠣᠰᠣᠨ ᠤ ᠰᠢᠯᠢᠳᠡᠭ ᠰᠤᠷᠲᠠᠯ ᠢ ᠪᠠᠳᠠᠷᠠᠭᠤᠯᠬᠤ ᠬᠡᠷᠡᠭᠲᠡᠢ᠃ | 10. ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠵᠢᠯ ᠢ ᠵᠢᠯᠣᠭᠤᠳᠬᠤ ᠪᠠᠨ ᠴᠢᠩᠭᠠᠳᠬᠠᠬᠤ | ᠬᠡᠷᠡᠭᠲᠡᠢ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ | ᠡᠭᠦᠷᠭᠡ ᠶᠢ ᠪᠡᠶᠡᠯᠡᠭᠦᠯᠦᠨ᠎ᠡ᠃ ᠠᠵᠢᠯᠯᠠᠬᠤ ᠴᠠᠭ᠄ 9᠄ 00—12᠄ 00 ;14 : 30 —18 : 00 ( | ᠭᠠᠷᠠᠭ ᠤᠨ ᠨᠢᠭᠡᠨ᠋ᠡᠴᠡ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠠᠮᠠᠷᠠᠯᠲᠠ ᠶᠢᠨ ᠡᠳᠦᠷ ᠪᠠᠭᠲᠠᠬᠤ ᠥᠬᠡᠢ ) ᠠᠵᠢᠯᠯᠠᠬᠤ ᠭᠠᠵᠠᠷ᠄ ᠳᠥᠷᠪᠡᠳ ᠬᠤᠰᠢᠭᠤᠨ ᠤ ᠬᠤᠩᠭᠤᠷ ᠰᠤᠮᠤ ᠶᠢᠨ | ᠠᠷᠠᠳ ᠶᠢᠨ ᠵᠠᠰᠠᠭ ᠤᠨ ᠣᠷᠳᠣᠨ ᠶᠢᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠠᠯᠪᠠᠨ ᠭᠡᠷ ᠤᠨ ᠤᠲᠠᠰᠤ | ᠄ 0474 —52027766 ᠰᠢᠤᠳᠠᠨ ᠨᠣᠮᠧᠷ᠄ 011800 ᠬᠠᠷᠢᠭᠤᠴᠠᠯᠭᠠᠲᠠᠨ᠄ ᠵᠣᠣ ᠰᠢᠶᠣᠤ | | ᠬᠤᠶᠠᠷ᠂ ᠳᠣᠲᠣᠭᠠᠳᠤ ᠪᠠᠶᠢᠭᠤᠯᠤᠮᠵᠢ ᠨᠠᠮ ᠵᠠᠰᠠᠭ ᠤᠨ ᠪᠠᠶᠢᠭᠤᠯᠤᠮᠵᠢ ᠶᠢ 5 ᠪᠠᠶᠢᠭᠤᠯᠪᠠ᠄ | 1 ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠤ ᠡᠳᠦᠷ ᠳᠣᠳᠣᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ ;ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ ; | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠮᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ ᠠᠵᠢᠯᠯᠠᠬᠤ ᠴᠠᠭ᠄ 9᠄ 00—12᠄ 00 ;14 : 30 —18 : 00 ( ᠭᠠᠷᠠᠭ ᠤᠨ | ᠨᠢᠭᠡᠨ᠋ᠡᠴᠡ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ | ᠡᠳᠦᠷ ᠪᠠᠭᠲᠠᠬᠤ ᠥᠬᠡᠢ ) ᠪᠠᠶᠢᠭᠤᠯᠭ᠎ᠠ ᠶᠢᠨ ᠬᠠᠶᠢᠭ᠄ ᠳᠥᠷᠪᠡᠳ ᠬᠤᠰᠢᠭᠤᠨ ᠤ ᠬᠤᠩᠭᠤᠷ ᠰᠤᠮᠤ ᠶᠢᠨ | ᠠᠷᠠᠳ ᠶᠢᠨ ᠵᠠᠰᠠᠭ ᠤᠨ ᠣᠷᠳᠣᠨ ᠰᠠᠭᠤᠭ᠎ᠠ ᠭᠠᠵᠠᠷ ᠨᠢᠭᠡᠴᠢ ᠰᠢᠤᠳᠠᠨ ᠬᠠᠶᠢᠷᠴᠠᠭ᠄ szwhonger@163. | com ᠬᠠᠷᠢᠭᠤᠴᠠᠯᠭᠠᠲᠠᠨ᠄ ᠭᠦᠸᠧ ᠯᠢ ᠨᠠ ᠬᠠᠷᠢᠯᠴᠠᠬᠤ ᠤᠲᠠᠰᠤ᠄ 15647461820 | 2 ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠤᠨ ᠣᠯᠠᠨ ᠲᠦᠮᠡᠨ ᠤ | ᠪᠦᠯᠬᠦᠮ ᠤᠨ ᠠᠵᠢᠯ ᠢ ᠬᠠᠷᠢᠭᠤᠴᠠᠨ᠎ᠠ ;ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ | ᠲᠠᠮᠢᠷ ᠤᠨ ᠠᠵᠢᠯ ᠢ ᠬᠠᠷᠢᠭᠤᠴᠠᠨ᠎ᠠ ;ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠨᠢᠭᠡᠳᠦᠮᠡᠯ ᠹᠷᠣᠨᠲ᠂ ᠦᠨᠳᠦᠰᠦᠲᠡᠨ ᠤ ᠱᠠᠰᠢᠨ ᠰᠤᠷᠲᠠᠬᠤᠨ | ᠵᠡᠷᠭᠡ ᠠᠵᠢᠯ ᠢ ᠬᠠᠷᠢᠭᠤᠴᠠᠨ᠎ᠠ᠃ ᠠᠵᠢᠯᠯᠠᠬᠤ ᠴᠠᠭ᠄ 9᠄ 00—12᠄ 00 ;14 : 30 —18 : 00 ( | ᠭᠠᠷᠠᠭ ᠤᠨ ᠨᠢᠭᠡᠨ᠋ᠡᠴᠡ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠠᠮᠠᠷᠠᠯᠲᠠ ᠶᠢᠨ ᠡᠳᠦᠷ ᠪᠠᠭᠲᠠᠬᠤ ᠥᠬᠡᠢ ) ᠪᠠᠶᠢᠭᠤᠯᠭ᠎ᠠ ᠶᠢᠨ ᠬᠠᠶᠢᠭ : ᠳᠥᠷᠪᠡᠳ ᠬᠤᠰᠢᠭᠤᠨ ᠤ ᠬᠤᠩᠭᠤᠷ | ᠰᠤᠮᠤ ᠶᠢᠨ ᠠᠷᠠᠳ ᠶᠢᠨ ᠵᠠᠰᠠᠭ ᠤᠨ ᠣᠷᠳᠣᠨ ᠰᠠᠭᠤᠭ᠎ᠠ ᠭᠠᠵᠠᠷ ᠨᠢᠭᠡᠴᠢ ᠰᠢᠤᠳᠠᠨ ᠬᠠᠶᠢᠷᠴᠠᠭ᠄ | szwhonger@163. com ᠬᠠᠷᠢᠭᠤᠴᠠᠯᠭᠠᠲᠠᠨ᠄ ᠯᠠᠨ ᠶᠠ ᠹᠧᠢ ᠬᠠᠷᠢᠯᠴᠠᠬᠤ ᠤᠲᠠᠰᠤ᠄ | 13191459330 | 3 ᠬᠥᠳᠡᠭᠡ ᠲᠣᠰᠬᠤᠨ ᠢ ᠬᠥᠭᠵᠢᠭᠦᠯᠬᠦ ᠵᠢᠴᠢ ᠨᠡᠶᠢᠭᠡᠮ ᠤᠨ ᠶᠠᠪᠤᠳᠠᠯ ᠤᠨ ᠠᠯᠪᠠᠨ ᠭᠡᠷ ᠭᠤᠣᠯ ᠡᠭᠦᠷᠭᠡ | ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ ; | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ;ᠠᠵᠤ ᠦᠢᠯᠡᠰ ᠢ ᠲᠥᠯᠥᠪᠵᠢᠭᠦᠯᠦᠨ | ᠬᠥᠭᠵᠢᠭᠦᠯᠬᠦ ᠠᠵᠢᠯ ᠢ ᠬᠠᠷᠢᠭᠤᠴᠠᠨ᠎ᠠ ;ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠠᠮᠢ ᠠᠬᠤᠢ ᠶᠢᠨ ᠣᠷᠴᠢᠨ ᠲᠣᠭᠤᠷᠢᠨ ᠢ ᠬᠠᠷᠢᠭᠤᠴᠠᠨ᠎ᠠ ; | ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ | ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠶᠠᠪᠤᠳᠠᠯ ᠤᠨ ᠴᠢᠨᠠᠷᠲᠠᠢ ᠵᠡᠷᠭᠡ ᠠᠵᠢᠯ ᠢ | ᠬᠠᠷᠢᠭᠤᠴᠠᠨ᠎ᠠ᠃ ᠠᠵᠢᠯᠯᠠᠬᠤ ᠴᠠᠭ᠄ 9᠄ 00—12᠄ 00 ;14 : 30 —18 : 00 ( ᠭᠠᠷᠠᠭ ᠤᠨ | ᠨᠢᠭᠡᠨ᠋ᠡᠴᠡ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ | ᠡᠳᠦᠷ ᠪᠠᠭᠲᠠᠬᠤ ᠥᠬᠡᠢ ) ᠪᠠᠶᠢᠭᠤᠯᠭ᠎ᠠ ᠶᠢᠨ ᠬᠠᠶᠢᠭ᠄ ᠳᠥᠷᠪᠡᠳ ᠬᠤᠰᠢᠭᠤᠨ ᠤ ᠬᠤᠩᠭᠤᠷ ᠰᠤᠮᠤ ᠶᠢᠨ | ᠠᠷᠠᠳ ᠶᠢᠨ ᠵᠠᠰᠠᠭ ᠤᠨ ᠣᠷᠳᠣᠨ ᠰᠠᠭᠤᠭ᠎ᠠ ᠭᠠᠵᠠᠷ ᠨᠢᠭᠡᠴᠢ ᠰᠢᠤᠳᠠᠨ ᠬᠠᠶᠢᠷᠴᠠᠭ᠄ szwhonger@163. | com ᠬᠠᠷᠢᠭᠤᠴᠠᠯᠭᠠᠲᠠᠨ᠄ ᠠᠮᠤᠷᠵᠢᠷᠭᠠᠯ ᠬᠠᠷᠢᠯᠴᠠᠬᠤ ᠤᠲᠠᠰᠤ᠄ 13704749759 | 4. ᠠᠮᠤᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ | ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ ;ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ ;ᠲᠣᠧᠷᠴᠢᠯᠠᠭᠰᠠᠨ ᠠᠵᠢᠯ ᠢ | ᠬᠠᠷᠢᠭᠤᠴᠠᠨ᠎ᠠ᠃ ᠠᠵᠢᠯᠯᠠᠬᠤ ᠴᠠᠭ᠄ 9᠄ 00—12᠄ 00 ;14 : 30 —18 : 00 ( ᠭᠠᠷᠠᠭ ᠤᠨ | ᠨᠢᠭᠡᠨ᠋ᠡᠴᠡ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ | ᠡᠳᠦᠷ ᠪᠠᠭᠲᠠᠬᠤ ᠥᠬᠡᠢ ) ᠪᠠᠶᠢᠭᠤᠯᠭ᠎ᠠ ᠶᠢᠨ ᠬᠠᠶᠢᠭ᠄ ᠳᠥᠷᠪᠡᠳ ᠬᠤᠰᠢᠭᠤᠨ ᠤ ᠬᠤᠩᠭᠤᠷ ᠰᠤᠮᠤ ᠶᠢᠨ | ᠠᠷᠠᠳ ᠶᠢᠨ ᠵᠠᠰᠠᠭ ᠤᠨ ᠣᠷᠳᠣᠨ ᠰᠠᠭᠤᠭ᠎ᠠ ᠭᠠᠵᠠᠷ ᠨᠢᠭᠡᠴᠢ ᠰᠢᠤᠳᠠᠨ ᠬᠠᠶᠢᠷᠴᠠᠭ᠄ szwhonger@163. | com ᠬᠠᠷᠢᠭᠤᠴᠠᠯᠭᠠᠲᠠᠨ᠄ ᠼᠤᠤ ᠷᠦᠸᠧ ᠨᠠᠨ ᠬᠠᠷᠢᠯᠴᠠᠬᠤ ᠤᠲᠠᠰᠤ᠄ 15326720644 | 5. ᠨᠡᠶᠢᠭᠡᠮ ᠤᠨ ᠶᠠᠪᠤᠳᠠᠯ ᠤᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠤᠤᠯ ᠠᠷᠠᠳ ᠤᠨ | ᠶᠠᠪᠤᠳᠠᠯ ᠤᠨ ᠭᠠᠵᠠᠷ ᠤᠨ ᠬᠠᠮᠢᠶᠠᠷᠴᠤ ᠪᠠᠶᠢᠭᠰᠠᠨ ᠨᠡᠶᠢᠭᠡᠮ ᠤᠨ ᠤᠴᠢᠷ ᠶᠠᠪᠤᠳᠠᠯ ᠢ ᠡᠭᠦᠷᠭᠡᠯᠡᠨ᠎ᠡ᠃ᠲᠤᠰ ᠣᠷᠣᠨ ᠤ | ᠪᠠᠨ ᠨᠡᠶᠢᠭᠡᠮ ᠤᠨ ᠬᠡᠷᠡᠭ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠲᠣᠭᠤᠷᠢᠭ ᠤᠨ ᠪᠠᠶᠢᠭᠤᠯᠤᠯᠲᠠ᠂ | ᠨᠡᠶᠢᠭᠡᠮ ᠲᠣᠭᠤᠷᠢᠭ ᠤᠨ ᠦᠢᠯᠡᠴᠢᠯᠡᠭᠡᠨ ᠢ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ ᠰᠠᠭᠤᠭᠠᠯᠢ | ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠳᠬᠦᠮᠵᠢ᠂ ᠲᠦᠷ ᠴᠠᠭ ᠤᠨ ᠲᠡᠳᠬᠦᠮᠵᠢ ᠵᠡᠷᠭᠡ | ᠨᠡᠶᠢᠭᠡᠮ ᠤᠨ ᠪᠠᠲᠤᠯᠠᠭ᠎ᠠ ᠶᠢᠨ ᠠᠵᠢᠯ ᠢ ᠥᠷᠨᠢᠭᠦᠯᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ | ᠪᠠ ᠴᠡᠷᠢᠭ ᠠᠴᠠ ᠬᠠᠯᠠᠭᠳᠠᠭᠰᠠᠳ ᠪᠠᠭᠤᠭᠰᠠᠳ ᠢ ᠲᠥᠪᠬᠢᠨᠡᠭᠦᠯᠬᠦ ᠵᠢᠴᠢ ᠠᠬᠠᠮᠠᠳ ᠪᠠᠶᠢᠯᠳᠤᠭᠴᠢᠳ ᠢ ᠬᠠᠮᠢᠶᠠᠷᠬᠤ | ᠠᠵᠢᠯ ᠢ ᠰᠠᠶᠢᠲᠤᠷ ᠬᠢᠵᠦ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠵᠡᠮᠳᠡᠭᠴᠦᠳ ᠢ | ᠡᠷᠡᠭᠦᠯᠵᠢᠭᠦᠯᠬᠦ᠂ ᠰᠤᠷᠭᠠᠨ ᠬᠥᠮᠦᠵᠢᠭᠦᠯᠬᠦ᠂ ᠬᠥᠳᠡᠯᠮᠦᠷᠢ ᠠᠵᠢᠯ ᠣᠯᠭᠤᠬᠤ ᠵᠡᠷᠭᠡ ᠠᠵᠢᠯ ᠢ ᠥᠷᠨᠢᠭᠦᠯᠬᠦ | ᠬᠡᠷᠡᠭᠲᠡᠢ᠃ ᠠᠵᠢᠯᠯᠠᠬᠤ ᠴᠠᠭ᠄ 9᠄ 00—12᠄ 00 ;14 : 30 —18 : 00 ( ᠭᠠᠷᠠᠭ ᠤᠨ | ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ | ᠡᠳᠦᠷ ᠪᠠᠭᠲᠠᠬᠤ ᠥᠬᠡᠢ ) ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠬᠤᠩᠭᠤᠷ ᠰᠤᠮᠤ ᠶᠢᠨ | ᠠᠷᠠᠳ ᠶᠢᠨ ᠵᠠᠰᠠᠭ ᠤᠨ ᠣᠷᠳᠣᠨ ᠰᠠᠭᠤᠭ᠎ᠠ ᠭᠠᠵᠠᠷ ᠨᠢᠭᠡᠴᠢ ᠰᠢᠤᠳᠠᠨ ᠬᠠᠶᠢᠷᠴᠠᠭ᠄ szwhonger@163. | com ᠬᠠᠷᠢᠭᠤᠴᠠᠯᠭᠠᠲᠠᠨ᠄ ᠶᠦᠨ ᠵᠢᠶᠦ᠋ᠨ ᠹᠧᠩ ᠬᠠᠷᠢᠯᠴᠠᠬᠤ ᠤᠲᠠᠰᠤ᠄ 18747113910 | ᠠᠵᠢᠯ ᠦᠢᠯᠡᠰ ᠤᠨ ᠨᠢᠭᠡᠴᠡ ᠶᠢ 3 ᠪᠠᠶᠢᠷᠢᠯᠠᠭᠤᠯᠬᠤ᠄ | 1 ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ( ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠠᠵᠢᠯ ᠤᠨ ᠭᠠᠵᠠᠷ ᠤᠨ ᠫᠠᠶᠢᠰᠠ ) | | ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠲᠦᠮᠡᠨ ᠳᠤ ᠦᠢᠯᠡᠴᠢᠯᠡᠬᠦ ᠲᠥᠷᠥᠯ ᠵᠦᠢᠯ ᠤᠨ | ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ | ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢ | ᠲᠠᠪᠴᠠᠩ ᠬᠠᠩᠭᠠᠨ᠎ᠠ ;ᠬᠠᠷᠢᠶᠠᠲᠤ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ | ᠬᠠᠷᠢᠭᠤᠴᠠᠨ᠎ᠠ ;ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭ᠎ᠠ ᠬᠢᠬᠦ ᠲᠠᠯᠠᠪᠤᠷ ᠭᠠᠵᠠᠷ ᠲᠤ | ᠦᠢᠯᠡᠴᠢᠯᠡᠬᠦ ᠴᠢᠳᠠᠪᠬᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠬᠤ ᠬᠡᠷᠡᠭᠲᠡᠢ ; | ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ | ᠬᠠᠷᠢᠭᠤᠴᠠᠨ᠎ᠠ ;ᠴᠡᠷᠢᠭ ᠤᠨ ᠠᠯᠪᠠᠨ᠋ᠠ᠋ᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ᠂ ᠬᠠᠷᠠᠭᠠᠯᠵᠠᠨ ᠲᠡᠳᠬᠦᠬᠦ᠂ ᠪᠣᠯᠭᠤᠭᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ | ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠴᠡᠷᠢᠭ ᠢᠶᠠᠨ | ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ ;ᠰᠢᠶᠠᠩ ᠪᠠᠯᠭᠠᠰᠤ ᠶᠢᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠠᠵᠢᠯᠯᠠᠬᠤ ᠴᠠᠭ | ᠄ 9᠄ 00—12᠄ 00 ;14 : 30 —18 : 00 ( ᠭᠠᠷᠠᠭ ᠤᠨ ᠨᠢᠭᠡᠨ᠋ᠡᠴᠡ ᠭᠠᠷᠠᠭ ᠤᠨ ᠲᠠᠪᠤᠨ ᠪᠣᠯᠲᠠᠯ᠎ᠠ᠂ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠪᠠᠭᠲᠠᠬᠤ ᠥᠬᠡᠢ ) ᠪᠠᠶᠢᠭᠤᠯᠭ᠎ᠠ ᠶᠢᠨ | ᠬᠠᠶᠢᠭ : ᠳᠥᠷᠪᠡᠳ ᠬᠤᠰᠢᠭᠤᠨ ᠤ ᠬᠤᠩᠭᠤᠷ ᠰᠤᠮᠤ ᠶᠢᠨ ᠠᠷᠠᠳ ᠶᠢᠨ ᠵᠠᠰᠠᠭ ᠤᠨ ᠣᠷᠳᠣᠨ ᠰᠠᠭᠤᠭ᠎ᠠ | ᠭᠠᠵᠠᠷ ᠨᠢᠭᠡᠴᠢ ᠰᠢᠤᠳᠠᠨ ᠬᠠᠶᠢᠷᠴᠠᠭ᠄ szwhonger@163. com ᠬᠠᠷᠢᠭᠤᠴᠠᠯᠭᠠᠲᠠᠨ᠄ ᠯᠢ ᠭᠦᠸᠧ | ᠴᠢᠶᠠᠩ ᠬᠠᠷᠢᠯᠴᠠᠬᠤ ᠤᠲᠠᠰᠤ᠄ 18347429788 | 2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠭᠤᠣᠯ ᠡᠭᠦᠷᠭᠡ ᠬᠠᠷᠢᠭᠤᠴᠠᠯᠭ᠎ᠠ᠄ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠤᠷᠳᠤᠨ ᠠᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ ᠠᠵᠢᠯᠯᠠᠬᠤ ᠴᠠᠭ᠄ 9᠄ 00—12᠄ 00 ;14 : 30 —18 | : 00 ( ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠠᠮᠠᠷᠠᠯᠲᠠ ᠶᠢᠨ ᠡᠳᠦᠷ ᠪᠠᠭᠲᠠᠬᠤ ᠥᠬᠡᠢ ) ᠪᠠᠶᠢᠭᠤᠯᠭ᠎ᠠ ᠶᠢᠨ ᠬᠠᠶᠢᠭ ᠄ ᠳᠥᠷᠪᠡᠳ | ᠬᠤᠰᠢᠭᠤᠨ ᠤ ᠬᠤᠩᠭᠤᠷ ᠰᠤᠮᠤ ᠶᠢᠨ ᠠᠷᠠᠳ ᠶᠢᠨ ᠵᠠᠰᠠᠭ ᠤᠨ ᠣᠷᠳᠣᠨ ᠰᠠᠭᠤᠭ᠎ᠠ ᠭᠠᠵᠠᠷ ᠨᠢᠭᠡᠴᠢ ᠰᠢᠤᠳᠠᠨ | ᠬᠠᠶᠢᠷᠴᠠᠭ᠄ szwhonger@163. com ᠬᠠᠷᠢᠭᠤᠴᠠᠯᠭᠠᠲᠠᠨ᠄ ᠸᠠᠩ ᠮᠢᠨ ᠬᠠᠷᠢᠯᠴᠠᠬᠤ ᠤᠲᠠᠰᠤ᠄ | 13848645107 3. ᠶᠡᠷᠦᠩᠬᠡᠢ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠭᠤᠣᠯ ᠡᠭᠦᠷᠭᠡ | ᠬᠠᠷᠢᠭᠤᠴᠠᠯᠭ᠎ᠠ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ | ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ ;ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ ;ᠲᠠᠷᠢᠶᠠᠴᠢᠨ ᠮᠠᠯᠴᠢᠳ ᠲᠤ ᠠᠵᠤ ᠦᠢᠯᠡᠰ ᠤᠨ ᠮᠡᠳᠡᠭᠡ | ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ ;ᠲᠤᠰᠬᠠᠢ ᠮᠡᠷᠭᠡᠵᠢᠯ ᠤᠨ ᠪᠣᠯᠪᠠᠰᠤᠷᠠᠯ᠂ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ | ᠬᠠᠷᠢᠭᠤᠴᠠᠨ᠎ᠠ᠃ | ᠠᠵᠢᠯᠯᠠᠬᠤ ᠴᠠᠭ᠄ 9᠄ 00—12᠄ 00 ;14 : 30 —18 : 00 ( ᠭᠠᠷᠠᠭ ᠤᠨ ᠨᠢᠭᠡᠨ᠋ᠡᠴᠡ | ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ | ᠪᠠᠭᠲᠠᠬᠤ ᠥᠬᠡᠢ ) | ᠪᠠᠶᠢᠭᠤᠯᠭ᠎ᠠ ᠶᠢᠨ ᠬᠠᠶ᠋ᠢᠭ ᠄ ᠳᠥᠷᠪᠡᠳ ᠬᠤᠰᠢᠭᠤᠨ ᠤ ᠬᠤᠩᠭᠤᠷ ᠰᠤᠮᠤ ᠶᠢᠨ ᠠᠷᠠᠳ ᠶᠢᠨ ᠵᠠᠰᠠᠭ ᠤᠨ | ᠣᠷᠳᠣᠨ ᠰᠠᠭᠤᠭ᠎ᠠ ᠭᠠᠵᠠᠷ ᠨᠢᠭᠡᠴᠢ | ᠰᠢᠤᠳᠠᠨ ᠬᠠᠶᠢᠷᠴᠠᠭ᠄ szwhonger@163. com | ᠬᠠᠷᠢᠭᠤᠴᠠᠯᠭᠠᠲᠠᠨ᠄ ᠯᠢ ᠶᠠᠨ ᠴᠢ | ᠬᠠᠷᠢᠯᠴᠠᠬᠤ ᠤᠲᠠᠰᠤ᠄ 186142548888 | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |