ᠳᠥᠷᠪᠡᠳ ᠬᠤᠰᠢᠭᠤᠨ ᠤ ᠴᠠᠭᠠᠨᠪᠤᠯᠠᠭ ᠰᠤᠮᠤ ᠶᠢᠨ ᠲᠣᠪᠴᠢ ᠲᠠᠨᠢᠯᠴᠠᠭᠤᠯᠭ᠎ᠠ | | 2023 ᠣᠨ ᠤ 1 ᠰᠠᠷ᠎ᠠ ᠶᠢᠨ ᠡᠴᠦᠰ ᠪᠣᠯᠲᠠᠯ᠎ᠠ᠂ ᠴᠠᠭᠠᠨᠪᠤᠯᠠᠭ ᠰᠤᠮᠤ ᠳᠤ ᠨᠡᠶᠢᠲᠡ 81 ᠺᠠᠳ᠋ᠷ ᠭᠠᠷᠴᠠᠢ᠃ | ᠵᠠᠰᠠᠭ ᠵᠠᠬᠢᠷᠭᠠᠨ ᠤ ᠣᠷᠣᠨ ᠲᠤᠭ᠎ᠠ 34᠂ ᠠᠵᠢᠯ ᠦᠢᠯᠡᠰ ᠤᠨ ᠣᠷᠣᠨ ᠲᠤᠭ᠎ᠠ 47᠂ ᠤᠳᠤᠷᠢᠳᠬᠤ | ᠲᠤᠰᠢᠶᠠᠯ ᠤᠨ ᠲᠤᠭ᠎ᠠ 12᠂ 3 ᠵᠢᠩᠬᠢᠨᠢ ᠲᠤᠰᠢᠶᠠᠯ ( ᠨᠠᠮ ᠤᠨ ᠬᠤᠷᠢᠶ᠎ᠠ ᠶᠢᠨ ᠱᠦᠵᠢ᠂ ᠰᠤᠮᠤᠨ ᠳᠠᠷᠤᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ )᠂ 9 ᠳᠡᠳ᠋ ᠲᠤᠰᠢᠶᠠᠯ ( ᠨᠠᠮ ᠤᠨ | ᠬᠤᠷᠢᠶ᠎ᠠ ᠶᠢᠨ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠱᠦᠵᠢ᠂ ᠵᠣᠬᠢᠶᠠᠨ ᠪᠠᠶᠢᠭᠤᠯᠤᠯᠲᠠ ᠶᠢᠨ ᠭᠡᠰᠢᠭᠦᠨ᠂ | ᠤᠬᠠᠭᠤᠯᠬᠤ ᠭᠡᠰᠢᠭᠦᠨ᠂ ᠳᠡᠳ᠋ ᠰᠤᠮᠤᠨ ᠳᠠᠷᠤᠭ᠎ᠠ 4 ᠬᠥᠮᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ) | ᠃ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ | ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠭᠦᠯᠬᠦ ᠶᠢ ᠠᠬᠢᠭᠤᠯᠵᠤ᠂ ᠳᠥᠭᠦᠮ ᠲᠦᠳᠡ ᠥᠨᠳᠥᠷ ᠪᠦᠲᠦᠮᠵᠢᠲᠡᠢ | ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠶᠢᠨ ᠲᠥᠯᠥᠭᠡ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ | ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠵᠦ᠂ ᠴᠠᠭᠠᠨ ᠪᠤᠯᠠᠭ ᠰᠤᠮᠤᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠨᠠᠮ ᠵᠠᠰᠠᠭ ᠤᠨ ᠪᠠᠶᠢᠭᠤᠯᠤᠮᠵᠢ᠂ ᠠᠵᠢᠯ ᠦᠢᠯᠡᠰ ᠤᠨ ᠨᠢᠭᠡᠴᠡ ᠶᠢ ᠨᠢᠭᠡᠳᠦᠯᠲᠡᠢ | ᠲᠥᠯᠥᠪᠵᠢᠭᠦᠯᠦᠨ ᠰᠢᠯᠢᠳᠡᠭᠵᠢᠭᠦᠯᠬᠦ ᠪᠠ ᠶᠡᠷᠦᠩᠬᠡᠶᠢᠯᠡᠨ ᠪᠠᠶᠢᠷᠢᠯᠠᠭᠤᠯᠵᠤ᠂ ᠨᠠᠮ ᠤᠨ ᠬᠤᠷᠢᠶ᠎ᠠ ᠶᠢᠨ ᠤᠳᠤᠷᠢᠳᠬᠤ | ᠦᠢᠯᠡᠳᠦᠯ ᠢ ᠴᠢᠩᠭᠠᠳᠬᠠᠵᠤ᠂ ᠣᠯᠠᠨ ᠲᠦᠮᠡᠨ ᠳᠤ ᠦᠢᠯᠡᠴᠢᠯᠡᠬᠦ᠂ ᠳᠥᠭᠦᠮ ᠠᠪᠰᠠᠷᠬᠠᠨ ᠰᠢᠯᠢᠳᠡᠭ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ( ᠨᠢᠭᠡ ) ᠨᠠᠮ ᠪᠠ ᠤᠯᠤᠰ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠪᠠᠯᠭᠠᠰᠤᠨ ᠤ ᠤᠯᠤᠰ ᠠᠷᠠᠳ ᠤᠨ ᠠᠵᠤ ᠠᠬᠤᠢ᠂ ᠨᠡᠶᠢᠭᠡᠮ ᠤᠨ ᠬᠥᠭᠵᠢᠯᠲᠡ ᠪᠠ ᠬᠥᠮᠦᠨ | ᠠᠮᠠ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ | ( ᠬᠤᠶᠠᠷ ) ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠵᠠᠰᠠᠭ ᠤᠨ ᠡᠷᠬᠡ ᠶᠢᠨ | ᠪᠠᠶᠢᠭᠤᠯᠤᠯᠲᠠ ᠶᠢ ᠬᠠᠷᠢᠭᠤᠴᠠᠵᠤ᠂ ᠭᠠᠴᠠᠭ᠎ᠠ ᠲᠠᠢ ᠵᠣᠬᠢᠴᠠᠭᠤᠯᠤᠨ᠎ᠠ᠃ | ( ᠭᠤᠷᠪᠠ ) ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠬᠠᠷᠢᠭᠤᠴᠠᠵᠤ᠂ ᠪᠡᠯᠡ | ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠣᠢ | ᠪᠣᠯᠭᠠᠬᠤ ᠬᠡᠷᠡᠭᠲᠡᠢ᠃ | ( ᠳᠥᠷᠪᠡ ) ᠬᠥᠳᠡᠭᠡ ᠲᠣᠰᠬᠤᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠲᠤ ᠦᠢᠯᠡᠴᠢᠯᠡᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠬᠡᠷᠡᠭᠲᠡᠢ | ᠃ | ( ᠲᠠᠪᠤ )ᠨᠢᠭᠡᠳᠦᠯᠲᠡᠢ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ᠂ ᠮᠡᠳᠡᠭᠡ | ᠵᠠᠩᠭᠢ ᠪᠠᠷ ᠬᠥᠲᠥᠯᠦᠨ ᠵᠢᠯᠣᠭᠤᠳᠬᠤ᠂ ᠦᠢᠯᠡᠴᠢᠯᠡᠭᠡᠨ ᠬᠠᠩᠭᠠᠬᠤ ᠪᠠ ᠪᠠᠶᠢᠴᠠᠭᠠᠯᠲᠠ ᠬᠢᠨᠠᠯᠲᠠ ᠲᠠᠯᠪᠢᠬᠤ ᠶᠢ | ᠬᠠᠷᠢᠭᠤᠴᠠᠨ᠂ ᠬᠤᠲᠠ ᠬᠥᠳᠡᠭᠡ ᠶᠢᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠪᠠᠲᠤᠯᠠᠭ᠎ᠠ ᠶᠢᠨ ᠦᠢᠯᠡᠰ ᠢ | ᠬᠥᠭᠵᠢᠭᠦᠯᠬᠦ ᠬᠡᠷᠡᠭᠲᠡᠢ᠃ | ( ᠵᠢᠷᠭᠤᠭ᠎ᠠ ) ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ | ᠶᠣᠰᠣᠭᠠᠷ ᠵᠠᠰᠠᠭ ᠶᠠᠪᠤᠭᠤᠯᠵᠤ᠂ ᠪᠣᠳᠠᠰ ᠤᠨ ᠪᠣᠯᠪᠠᠰᠤᠨ᠂ ᠤᠯᠤᠰ ᠲᠥᠷᠥ ᠶᠢᠨ ᠪᠣᠯᠪᠠᠰᠤᠨ ᠪᠣᠯᠤᠨ ᠣᠶᠤᠨ ᠤ | ᠪᠣᠯᠪᠠᠰᠤᠨ ᠤ ᠵᠡᠷᠭᠡᠪᠡᠷ ᠬᠥᠭᠵᠢᠬᠦ ᠶᠢ ᠠᠬᠢᠭᠤᠯᠬᠤ ᠬᠡᠷᠡᠭᠲᠡᠢ᠃ | ( ᠳᠣᠯᠤᠭ᠎ᠠ ) ᠵᠡᠪᠰᠡᠭᠲᠦ ᠬᠦᠴᠦᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠲᠥᠷᠥ ᠶᠢᠨ | ᠵᠥᠪᠯᠡᠯᠭᠡᠨ ᠤ ᠬᠠᠷᠢᠯᠴᠠᠬᠤ ᠠᠵᠢᠯ ᠢ ᠬᠠᠷᠢᠭᠤᠴᠠᠨ᠎ᠠ᠃ | ( ᠨᠠᠢᠮᠠ ) ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ | ᠤᠬᠠᠭᠠᠨ ᠮᠡᠷᠭᠡᠵᠢᠯ᠂ ᠮᠡᠳᠡᠭᠡ ᠵᠠᠩᠭᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠬᠠᠷᠠᠭᠠᠯᠵᠠᠬᠤ᠂ | ᠣᠷᠣᠰᠢᠭᠤᠯᠭ᠎ᠠ᠂ ᠰᠠᠶᠢᠨ ᠲᠥᠷᠥᠵᠦ ᠰᠠᠶᠢᠬᠠᠨ ᠥᠰᠬᠡᠬᠦ ᠪᠠ ᠲᠠᠷᠢᠶᠠᠯᠠᠩ᠂ ᠣᠢ ᠰᠢᠭᠤᠢ᠂ ᠤᠰᠤ ᠵᠡᠷᠭᠡ ᠠᠵᠢᠯ ᠢ | ᠰᠠᠶᠢᠲᠤᠷ ᠬᠢᠬᠦ ᠬᠡᠷᠡᠭᠲᠡᠢ᠃ | ( ᠵᠢᠰᠦ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠠᠵᠢᠯ ᠶᠠᠪᠤᠳᠠᠯ ᠤᠨ | ᠡᠷᠬᠡ ᠪᠠ ᠠᠵᠢᠯ ᠤᠨ ᠡᠭᠦᠷᠭᠡ ᠶᠢ ᠳᠠᠭᠠᠭᠠᠨ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ( ᠨᠢᠭᠡ ) ᠨᠠᠮ ᠵᠠᠰᠠᠭ ᠤᠨ ᠪᠠᠶᠢᠭᠤᠯᠤᠮᠵᠢ ᠶᠢ 5 ᠲᠣᠬᠢᠷᠠᠭᠤᠯᠪᠠ᠄ | 1 ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠡᠳᠦᠷ ᠳᠣᠳᠣᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ ;ᠰᠤᠮᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠢ | ᠡᠭᠦᠷᠭᠡᠯᠡᠨ᠎ᠡ ;ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠪᠠᠳᠠᠨ | ᠪᠠᠶᠢᠴᠠᠭᠠᠬᠤ ᠠᠵᠢᠯ ᠢ ᠬᠠᠷᠢᠭᠤᠴᠠᠨ᠎ᠠ ;ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠤᠨ ᠠᠵᠢᠯ ᠢ ᠬᠠᠷᠢᠭᠤᠴᠠᠨ᠎ᠠ᠃ | ᠲᠣᠬᠢᠷᠠᠭᠤᠯᠤᠭᠰᠠᠨ ᠠᠵᠢᠯᠲᠠᠨ᠄ 7 ᠬᠥᠮᠦᠨ | 2 ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠤᠨ ᠣᠯᠠᠨ ᠲᠦᠮᠡᠨ ᠤ | ᠪᠦᠯᠬᠦᠮ ᠤᠨ ᠠᠵᠢᠯ ᠢ ᠬᠠᠷᠢᠭᠤᠴᠠᠨ᠎ᠠ ;ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ | ᠲᠠᠮᠢᠷ ᠤᠨ ᠠᠵᠢᠯ ᠢ ᠬᠠᠷᠢᠭᠤᠴᠠᠨ᠎ᠠ ;ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠨᠢᠭᠡᠳᠦᠮᠡᠯ ᠹᠷᠣᠨᠲ᠂ ᠦᠨᠳᠦᠰᠦᠲᠡᠨ ᠤ ᠱᠠᠰᠢᠨ ᠰᠤᠷᠲᠠᠬᠤᠨ | ᠵᠡᠷᠭᠡ ᠠᠵᠢᠯ ᠢ ᠬᠠᠷᠢᠭᠤᠴᠠᠨ᠎ᠠ᠃ ᠲᠣᠬᠢᠷᠠᠭᠤᠯᠤᠭᠰᠠᠨ ᠠᠵᠢᠯᠲᠠᠨ᠄ 7 ᠬᠥᠮᠦᠨ | 3 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ ; | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ;ᠠᠵᠤ ᠦᠢᠯᠡᠰ ᠢ ᠲᠥᠯᠥᠪᠵᠢᠭᠦᠯᠦᠨ | ᠬᠥᠭᠵᠢᠭᠦᠯᠬᠦ ᠠᠵᠢᠯ ᠢ ᠬᠠᠷᠢᠭᠤᠴᠠᠨ᠎ᠠ ;ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠢ | ᠬᠠᠷᠢᠭᠤᠴᠠᠨ᠎ᠠ᠃ ᠬᠠᠷᠢᠶ᠎ᠠ ᠣᠷᠣᠨ ᠤ ᠳᠣᠲᠣᠷᠠᠬᠢ ᠭᠠᠴᠠᠭᠠᠨ ᠤ ᠳᠦᠷᠢ ᠲᠥᠷᠬᠦ᠂ ᠣᠷᠴᠢᠨ ᠲᠣᠭᠤᠷᠢᠨ ᠤ | ᠠᠷᠢᠭᠤᠨ ᠴᠡᠪᠡᠷ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ ; | ᠭᠠᠴᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠥᠪ ᠢ | ᠬᠢᠨᠠᠨ ᠪᠠᠶᠢᠴᠠᠭᠠᠬᠤ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ ; | ᠬᠠᠷᠢᠶᠠᠲᠤ ᠣᠷᠣᠨ ᠤ ᠳᠣᠲᠣᠷᠠᠬᠢ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠢ ᠬᠠᠷᠢᠭᠤᠴᠠᠨ᠎ᠠ ;ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠬᠡᠷᠡᠭᠲᠡᠢ ; | ᠬᠠᠷᠢᠶ᠎ᠠ ᠣᠷᠣᠨ ᠤ ᠳᠣᠲᠣᠷᠠᠬᠢ ᠭᠠᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠬᠠᠷᠢᠶ᠎ᠠ ᠣᠷᠣᠨ ᠤ ᠳᠣᠲᠣᠷᠠᠬᠢ | ᠪᠠᠷᠢᠯᠭ᠎ᠠ ᠶᠢᠨ ᠵᠦᠢᠯᠡᠰ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠬᠠᠮᠵᠢᠨ ᠰᠠᠶᠢᠲᠤᠷ ᠬᠢᠨ᠎ᠡ ; | ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠮᠵᠢᠨ | ᠥᠷᠨᠢᠭᠦᠯᠵᠦ᠃ ᠲᠣᠬᠢᠷᠠᠭᠤᠯᠤᠭᠰᠠᠨ ᠠᠵᠢᠯᠲᠠᠨ᠄ 7 ᠬᠥᠮᠦᠨ | 4. ᠨᠡᠶᠢᠭᠡᠮ ᠤᠨ ᠶᠠᠪᠤᠳᠠᠯ ᠤᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠠᠷᠠᠳ ᠤᠨ ᠶᠠᠪᠤᠳᠠᠯ᠂ | ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ | ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ | ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ | ᠲᠣᠬᠢᠷᠠᠭᠤᠯᠤᠭᠰᠠᠨ ᠠᠵᠢᠯᠲᠠᠨ᠄ 7 ᠬᠥᠮᠦᠨ | 5. ᠠᠮᠤᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ | ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ ;ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ ;ᠲᠣᠧᠷᠴᠢᠯᠠᠭᠰᠠᠨ ᠠᠵᠢᠯ ᠢ | ᠬᠠᠷᠢᠭᠤᠴᠠᠨ᠎ᠠ᠃ ᠲᠣᠬᠢᠷᠠᠭᠤᠯᠤᠭᠰᠠᠨ ᠠᠵᠢᠯᠲᠠᠨ᠄ 7 ᠬᠥᠮᠦᠨ ( ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠵᠡᠪᠰᠡᠭᠲᠦ ᠬᠦᠴᠦᠨ ᠤ ᠬᠡᠯᠲᠡᠰ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠤᠨ᠎ᠠ ) | ( ᠬᠤᠶᠠᠷ ) ᠳᠡᠳ᠋ ᠰᠠᠯᠠᠭᠠᠨ ᠤ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠡ ᠶᠢ 3 ᠲᠣᠬᠢᠷᠠᠭᠤᠯᠤᠨ᠎ᠠ᠄ | 1 ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ( ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠲᠥᠪ᠂ ᠴᠡᠷᠢᠭ᠌/ᠡᠴᠡ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠠᠵᠢᠯ ᠤᠨ ᠭᠠᠵᠠᠷ ᠤᠨ ᠫᠠᠶᠢᠰᠠ ) | ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠲᠦᠮᠡᠨ ᠳᠤ ᠦᠢᠯᠡᠴᠢᠯᠡᠬᠦ ᠲᠥᠷᠥᠯ ᠵᠦᠢᠯ ᠤᠨ | ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ | ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢ | ᠲᠠᠪᠴᠠᠩ ᠬᠠᠩᠭᠠᠨ᠎ᠠ ;ᠬᠠᠷᠢᠶᠠᠲᠤ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ | ᠬᠠᠷᠢᠭᠤᠴᠠᠨ᠎ᠠ ;ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭ᠎ᠠ ᠬᠢᠬᠦ ᠲᠠᠯᠠᠪᠤᠷ ᠭᠠᠵᠠᠷ ᠲᠤ | ᠦᠢᠯᠡᠴᠢᠯᠡᠬᠦ ᠴᠢᠳᠠᠪᠬᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠬᠤ ᠬᠡᠷᠡᠭᠲᠡᠢ ; | ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ | ᠬᠠᠷᠢᠭᠤᠴᠠᠨ᠎ᠠ ;ᠴᠡᠷᠢᠭ ᠤᠨ ᠠᠯᠪᠠᠨ᠋ᠠ᠋ᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ᠂ ᠬᠠᠷᠠᠭᠠᠯᠵᠠᠨ ᠲᠡᠳᠬᠦᠬᠦ᠂ ᠪᠣᠯᠭᠤᠭᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ | ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠴᠡᠷᠢᠭ ᠢᠶᠠᠨ | ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ ;ᠰᠢᠶᠠᠩ ᠪᠠᠯᠭᠠᠰᠤ ᠶᠢᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠲᠣᠬᠢᠷᠠᠭᠤᠯᠬᠤ | ᠠᠵᠢᠯᠲᠠᠨ᠄ 8 ᠬᠥᠮᠦᠨ 1 ᠡᠷᠬᠢᠯᠡᠭᠴᠢ ( ᠳᠡᠳ᠋ ᠰᠠᠯᠠᠭᠠᠨ ᠳᠡᠰ )᠂ 1 ᠳᠡᠳ᠋ ᠡᠷᠬᠢᠯᠡᠭᠴᠢ ᠲᠣᠬᠢᠷᠠᠭᠤᠯᠤᠨ᠎ᠠ᠃ | 2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠭᠤᠣᠯ ᠡᠭᠦᠷᠭᠡ ᠬᠠᠷᠢᠭᠤᠴᠠᠯᠭ᠎ᠠ ᠨᠢ᠄ ᠴᠠᠭᠠᠨᠪᠤᠯᠠᠭ ᠰᠤᠮᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠤᠷᠳᠤᠨ ᠠᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ ᠲᠣᠬᠢᠷᠠᠭᠤᠯᠤᠭᠰᠠᠨ ᠠᠵᠢᠯᠲᠠᠨ᠄ 7 ᠬᠥᠮᠦᠨ ᠲᠣᠪᠴᠢᠶᠠᠨ | ᠳᠠᠷᠤᠭ᠎ᠠ ᠶᠢ 1 ᠬᠥᠮᠦᠨ ( ᠳᠡᠳ᠋ ᠰᠠᠯᠠᠭᠠᠨ ᠳᠡᠰ )᠂ ᠳᠡᠳ᠋ ᠲᠣᠪᠴᠢᠶᠠᠨ ᠳᠠᠷᠤᠭ᠎ᠠ ᠶᠢ 1 ᠨᠡᠷᠡᠰ | ᠲᠣᠬᠢᠷᠠᠭᠤᠯᠤᠨ᠎ᠠ᠃ | 3. ᠶᠡᠷᠦᠩᠬᠡᠢ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ | ᠭᠤᠣᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ | ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ ;ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ ;ᠲᠠᠷᠢᠶᠠᠴᠢᠨ ᠮᠠᠯᠴᠢᠳ ᠲᠤ | ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ ;ᠲᠤᠰᠬᠠᠢ | ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ | ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠲᠣᠬᠢᠷᠠᠭᠤᠯᠤᠭᠰᠠᠨ ᠠᠵᠢᠯᠲᠠᠨ᠄ 7 ᠬᠥᠮᠦᠨ 1 | ᠡᠷᠬᠢᠯᠡᠭᠴᠢ ( ᠳᠡᠳ᠋ ᠰᠠᠯᠠᠭᠠᠨ ᠳᠡᠰ )᠂ 1 ᠳᠡᠳ᠋ ᠡᠷᠬᠢᠯᠡᠭᠴᠢ ᠲᠣᠬᠢᠷᠠᠭᠤᠯᠤᠨ᠎ᠠ᠃ | ᠠᠯᠪᠠᠯᠠᠬᠤ ᠬᠠᠶ᠋ᠢᠭ᠄ ᠳᠥᠷᠪᠡᠳ ᠬᠤᠰᠢᠭᠤᠨ ᠤ ᠴᠠᠭᠠᠨᠪᠤᠯᠠᠭ ᠰᠤᠮᠤ ᠶᠢᠨ ᠠᠷᠠᠳ ᠶᠢᠨ ᠵᠠᠰᠠᠭ ᠤᠨ | ᠣᠷᠳᠣᠨ ᠰᠠᠭᠤᠭ᠎ᠠ ᠭᠠᠵᠠᠷ | ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 0014᠄ 30 — 18᠄ 00 | ᠬᠠᠷᠢᠯᠴᠠᠬᠤ ᠠᠷᠭ᠎ᠠ ᠮᠠᠶ᠋ᠢᠭ᠄ 0474 —559720 | ᠬᠠᠷᠢᠭᠤᠴᠠᠯᠭᠠᠲᠠᠨ᠄ ᠳᠤ ᠬᠠᠢ ᠪᠦᠸᠧ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |