ᠮᠠᠨ ᠤ ᠬᠤᠰᠢᠭᠤᠨ ᠤ ᠰᠠᠨᠰᠠᠷ ᠤᠨ ᠠᠶᠠᠯᠠᠯ ᠤᠨ ᠦᠵᠡᠭᠦᠯᠦᠯᠭᠡ ᠰᠤᠷᠤᠭᠴᠢᠳ ᠤᠨ ᠵᠤᠭᠠᠯᠠᠬᠤ ᠬᠠᠯᠠᠮᠰᠢᠯ ᠴᠡᠭ ᠪᠣᠯᠤᠭᠰᠠᠨ
ᠨᠡᠶᠢᠲᠡᠯᠡᠭᠰᠡᠨ ᠴᠠᠭ᠄
2024/10/8
      ᠮᠠᠨ ᠤ ᠬᠤᠰᠢᠭᠤᠨ ᠤ ᠰᠠᠨᠰᠠᠷ ᠤᠨ ᠠᠶᠠᠯᠠᠯ ᠤᠨ ᠦᠵᠡᠭᠦᠯᠦᠯᠭᠡ ᠰᠤᠷᠤᠭᠴᠢᠳ ᠤᠨ ᠵᠤᠭᠠᠯᠠᠬᠤ ᠬᠠᠯᠠᠮᠰᠢᠯ ᠴᠡᠭ ᠪᠣᠯᠤᠭᠰᠠᠨ             ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠰᠢᠭᠤᠨ ᠤ ᠮᠦᠽᠧᠢ ᠨᠢ ᠰᠤᠷᠤᠭᠴᠢᠳ ᠤᠨ ᠰᠠᠨᠰᠠᠷ ᠤᠨ ᠮᠡᠳᠡᠯᠭᠡ ᠶᠢ ᠬᠠᠶᠢᠨ ᠰᠦᠪᠡᠭᠴᠢᠯᠡᠬᠦ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠬᠦᠷᠢᠶᠡᠨ ᠳᠠᠬᠢ ᠬᠥᠭᠵᠢᠯᠲᠡ ᠶᠢᠨ ᠲᠡᠦᠬᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠤᠶᠢᠯᠠᠭᠠᠬᠤ ᠠᠮᠠᠷᠠᠯᠲᠠ ᠶᠢᠨ ᠬᠤᠭᠤᠴᠠᠭᠠᠨ ᠳᠤ ᠵᠤᠭᠠᠯᠠᠬᠤ ᠬᠠᠯᠠᠮᠰᠢᠯ  ᠪᠣᠯᠤᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ ᠠᠳᠠᠯᠢ ᠪᠤᠰᠤ ᠬᠡᠯᠪᠡᠷᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠪᠠ ᠬᠢᠴᠢᠶᠡᠯ ᠢᠶᠠᠷ ᠰᠤᠷᠤᠭᠴᠢᠳ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠲᠤᠬᠠᠢ ᠲᠠᠨᠢᠯᠲᠠ ᠪᠠ ᠳᠤᠷ᠎ᠠ ᠪᠠᠬ᠎ᠠ ᠶᠢ ᠨᠡᠮᠡᠭᠳᠡᠭᠦᠯᠪᠡ᠃ ᠰᠠᠨᠰᠠᠷ ᠤᠨ ᠮᠦᠽᠧᠢ᠂ ᠬᠡᠦᠬᠡᠳ ᠤᠳ ᠢ ᠰᠢᠨᠵᠢᠯᠡᠬᠦ ᠤᠬᠠᠭᠠᠨ ᠤ ᠨᠠᠨᠳᠢᠨ ᠮᠡᠳᠡᠯᠭᠡ ᠣᠯᠭᠤᠭᠰᠠᠨ ᠢᠶᠠᠷ ᠪᠠᠷᠠᠬᠤ ᠦᠭᠡᠢ᠂ ᠪᠠᠰᠠ ᠰᠢᠨᠵᠢᠯᠡᠬᠦ ᠤᠬᠠᠭᠠᠨ ᠶᠢ ᠵᠣᠷᠢᠭᠲᠠᠢ ᠬᠠᠶᠢᠨ ᠰᠦᠪᠡᠭᠴᠢᠯᠡᠵᠦ᠂ ᠵᠣᠷᠢᠭᠲᠠᠢ ᠦᠢᠯᠡᠳᠳᠡᠭ ᠯᠡ ᠶᠦ᠋ᠮ ᠪᠣᠯ ᠰᠢᠨᠵᠢᠯᠡᠬᠦ ᠤᠬᠠᠭᠠᠨ ᠤ ᠦᠨᠡᠨ ᠶᠣᠰᠣ ᠶᠢ ᠣᠶᠢᠯᠠᠭᠠᠵᠤ ᠴᠢᠳᠠᠬᠤ ᠪᠣᠯᠤᠨ᠎ᠠ᠃ ᠡᠨᠡᠬᠦ ᠣᠯᠤᠯᠲᠠ ᠪᠣᠯᠤᠨ ᠲᠥᠷᠥᠭᠳᠡᠯ ᠨᠢ ᠲᠡᠳᠡᠨ ᠤ ᠠᠮᠢᠳᠤᠷᠠᠯ ᠳᠤᠮᠳᠠᠬᠢ ᠡᠷᠬᠢᠮ ᠨᠠᠨᠳᠢᠨ ᠥᠪ ᠬᠥᠷᠥᠩᠭᠡ ᠪᠣᠯᠵᠤ᠂ ᠲᠡᠳᠡᠨ ᠢ ᠵᠣᠷᠢᠭᠵᠢᠭᠤᠯᠤᠨ ᠲᠠᠰᠤᠷᠠᠯᠲᠠ ᠦᠭᠡᠢ ᠤᠷᠤᠭᠰᠢᠯᠠᠭᠤᠯᠵᠤ᠂ ᠰᠢᠨᠵᠢᠯᠡᠬᠦ ᠤᠬᠠᠭᠠᠨ ᠤ ᠵᠠᠮ ᠳᠡᠭᠡᠷ᠎ᠡ ᠶᠠᠪᠤᠬᠤ ᠲᠤᠲᠤᠮ ᠬᠤᠯᠠ ᠶᠢ  ᠪᠤᠳᠤᠵᠤ ᠬᠦᠰᠡᠯ ᠨᠢ ᠲᠡᠷᠭᠡᠯᠰᠢᠨ᠎ᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ   ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2