ᠢᠦᠢ ᠳ᠋ᠠᠢ ᠴᠢᠩ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ | ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠯᠲᠠ ᠬᠢᠭᠰᠡᠨ | | ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠤᠰᠢᠭᠤ ᠨᠠᠮ ᠤᠨ ᠬᠤᠷᠢᠶᠠᠨ ᠤ ᠱᠦᠵᠢ | ᠢᠦᠢ ᠳ᠋ᠠᠢ ᠴᠢᠩ ᠳ᠋ᠦᠩ ᠪᠠ ᠬᠤᠤ ᠰᠢᠶᠠᠩ᠂ ᠬᠦᠷᠢᠶᠡᠲᠦ ᠪᠠᠯᠭᠠᠰᠤ᠂ ᠬᠠᠢ ᠰᠢᠨ ᠢᠯᠴᠢ ᠶᠢᠨ ᠬᠦᠴᠦᠨ ᠤ | ᠺᠣᠮᠫᠠᠨᠢ᠂ ᠬᠡᠳᠦ ᠲᠡᠯᠭᠡᠬᠦᠷ ᠵᠡᠷᠭᠡ ᠳᠤ ᠭᠦᠨᠵᠡᠭᠡᠶᠢᠷᠡᠵᠦ᠂ ᠮᠠᠨ ᠤ ᠬᠤᠰᠢᠭᠤᠨ ᠤ ᠲᠠᠷᠢᠶ᠎ᠠ ᠲᠠᠷᠢᠮᠠᠯ ᠵᠠᠪᠳᠤᠵᠤ | ᠬᠤᠷᠢᠶᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠨᠢᠭᠡ ᠴᠤᠬᠴᠠᠵᠢᠭᠤᠯᠤᠬᠰᠠᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠬᠤᠲᠠ | ᠪᠠᠯᠭᠠᠰᠤᠨ ᠤ ᠳᠤᠯᠠᠭᠠᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠢᠦᠢ ᠳ᠋ᠠᠢ ᠴᠢᠩ ᠠᠴᠠ᠂ ᠠᠵᠤ ᠦᠢᠯᠡᠰ ᠢ ᠬᠥᠭᠵᠢᠭᠦᠯᠬᠦ ᠪᠣᠯ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠬᠦ ᠶᠢᠨ ᠰᠠᠭᠤᠷᠢ ᠪᠠ ᠵᠠᠩᠭᠢᠯᠠᠭ᠎ᠠ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠭᠤᠣᠯ ᠣᠶᠤᠨ | ᠴᠢᠳᠠᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠥᠷᠥᠯ ᠤᠨ ᠠᠵᠢᠯ ᠳᠡᠭᠡᠷ᠎ᠡ ᠲᠠᠯᠪᠢᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ | ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ | ᠠᠬᠢᠴᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠠᠵᠤ ᠦᠢᠯᠡᠰ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠲᠠᠰᠤᠷᠠᠯᠲᠠ ᠦᠭᠡᠢ ᠰᠢᠨ᠎ᠡ ᠦᠷ᠎ᠡ | ᠪᠦᠲᠦᠮᠵᠢ ᠣᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠳᠡᠰ ᠳᠠᠪᠬᠤᠷᠭ᠎ᠠ | ᠬᠤᠪᠢᠶᠠᠨ᠂ ᠨᠠᠷᠢᠯᠢᠭᠵᠢᠭᠤᠯᠤᠨ ᠲᠦᠷᠭᠡᠳᠬᠡᠵᠦ᠂ ᠪᠠᠷᠢᠯᠭ᠎ᠠ ᠶᠢᠨ ᠡᠷᠲᠡ ᠨᠢᠭᠡᠨ ᠡᠳᠦᠷ ᠠᠵᠢᠯ ᠳᠠᠭᠤᠰᠬᠤ ᠶᠢ | ᠦᠨᠡᠨᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ | ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠢ᠃ ᠢᠯᠴᠢ ᠬᠠᠩᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠰᠠᠶᠢᠲᠤᠷ | ᠭᠦᠢᠴᠡᠳᠬᠡᠵᠦ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠲᠥᠬᠦᠭᠡᠷᠦᠮᠵᠢ ᠶᠢ | ᠪᠠᠶᠢᠴᠠᠭᠠᠨ ᠵᠠᠰᠠᠬᠤ᠂ ᠥᠭᠡᠷᠡᠴᠢᠯᠡᠵᠦ ᠲᠤᠷᠰᠢᠨ ᠲᠣᠬᠢᠷᠠᠭᠤᠯᠬᠤ ᠵᠡᠷᠭᠡ ᠠᠵᠢᠯ ᠢ ᠬᠢᠨᠠᠮᠠᠭᠠᠢ ᠨᠠᠷᠢᠯᠢᠭ ᠰᠠᠶᠢᠲᠤᠷ | ᠬᠢᠵᠦ᠂ ᠢᠯᠴᠢ ᠬᠠᠩᠭᠠᠯᠭ᠎ᠠ ᠶᠢᠨ ᠠᠮᠤᠷ ᠲᠦᠪᠰᠢᠨ᠂ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ | ᠬᠡᠷᠡᠭᠲᠡᠢ ᠭᠡᠰᠡᠨ ᠪᠠᠶᠢᠨ᠎ᠠ᠃ | ᠬᠤᠰᠢᠭᠤᠨ ᠤ ᠤᠳᠤᠷᠢᠳᠤᠯᠭ᠎ᠠ ᠤᠷᠢᠬᠠᠨ᠂ ᠲᠦᠩ ᠰᠢ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |