ᠳᠥᠷᠪᠡᠳ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ
ᠨᠡᠶᠢᠲᠡᠯᠡᠭᠰᠡᠨ ᠴᠠᠭ᠄
2024/11/1
      ᠳᠥᠷᠪᠡᠳ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ      ᠨᠢᠭᠡ᠂ ᠨᠢᠭᠡᠴᠡ ᠶᠢᠨ ᠰᠠᠭᠤᠷᠢ ᠮᠡᠳᠡᠭᠡ ᠵᠠᠩᠭᠢ᠄ ᠳᠥᠷᠪᠡᠳ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ 1983 ᠣᠨ ᠳᠤ ᠪᠠᠶᠢᠭᠤᠯᠤᠭᠳᠠᠵᠤ᠂ ᠤᠤᠯ ᠤᠨ ᠪᠠᠭᠤᠷᠢ ᠨᠢ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠾᠧ ᠫᠢᠩ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠦᠷᠢᠶᠡᠨ ᠳᠤ ᠪᠣᠢ᠃2023 ᠣᠨ ᠤ 5 ᠳ᠋ᠤᠭᠠᠷ ᠰᠠᠷ᠎ᠠ ᠶᠢᠨ 15 ᠤ ᠡᠳᠦᠷ ᠨᠡᠭᠦᠵᠦ᠂ ᠣᠳᠣ ᠶᠢᠨ ᠬᠤᠸᠠᠷᠠᠨ ᠬᠦᠷᠲᠡᠯ᠎ᠡ 15782.5m2 ᠭᠠᠵᠠᠷ ᠡᠳ᠋ᠯᠡᠪᠦᠷᠢ ᠨᠢ 5800m2 ᠲᠠᠯᠠᠪᠠᠢ ᠶᠢ ᠡᠵᠡᠯᠡᠳᠡᠭ᠃ ᠶᠡᠭᠡ ᠠᠩᠭᠢ ᠨᠢ ᠤᠤᠯ ᠨᠢ ᠵᠢᠩᠬᠢᠨᠢ ᠪᠠᠲ᠋ᠠᠯᠢᠶᠣᠨ ᠤ ᠲᠤᠰᠢᠶᠠᠯ ᠵᠠᠰᠠᠭ ᠵᠠᠬᠢᠷᠭᠠᠨ ᠤ ᠳᠡᠰ ᠪᠠᠶᠢᠵᠤ᠂ 2018 ᠣᠨ ᠤ 11 ᠰᠠᠷ᠎ᠠ ᠶᠢᠨ 9 ᠤ ᠡᠳᠦᠷ ᠥᠭᠡᠷᠡᠴᠢᠯᠡᠯᠲᠡ ᠶᠢ ᠰᠢᠯᠵᠢᠭᠦᠯᠦᠨ ᠬᠠᠷᠢᠶᠠᠯᠠᠭᠤᠯᠤᠭᠰᠠᠨ ᠤ ᠳᠠᠷᠠᠭ᠎ᠠ᠂ ᠣᠳᠣ ᠤᠯᠠᠭᠠᠨᠴᠠᠪ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠠᠮᠢᠶᠠᠷᠤᠯᠲᠠ ᠳᠤ ᠬᠠᠷᠢᠶᠠᠯᠠᠭᠳᠠᠨ᠎ᠠ᠃ ᠶᠡᠭᠡ ᠠᠩᠭᠢ ᠳᠤ 4 ᠺᠠᠳ᠋ᠷ ᠪᠠᠶᠢᠵᠤ᠂ ᠭᠠᠯ ᠤᠨᠲᠠᠷᠠᠭᠠᠬᠤ ᠬᠢᠨᠠᠨ ᠪᠠᠶᠢᠴᠠᠭᠠᠯᠲᠠ ᠶᠢᠨ ᠲᠡᠷᠭᠡ 4 ᠪᠠᠶᠢᠨ᠎ᠠ᠃ ᠳᠣᠣᠷ᠎ᠠ 1 ᠳᠤᠮᠳᠠ ᠠᠩᠭᠢ ᠶᠢ ᠬᠠᠮᠢᠶᠠᠷᠴᠤ᠂ 2010 ᠣᠨ ᠤ 12 ᠰᠠᠷ᠎ᠠ ᠳᠤ ᠪᠠᠶᠢᠭᠤᠯᠤᠭᠳᠠᠵᠤ᠂ ᠳᠤᠮᠳᠠ ᠠᠩᠭᠢ ᠶᠢᠨ 5 ᠺᠠᠳ᠋ᠷ᠂ 11 ᠪᠠᠶᠢᠯᠳᠤᠭᠴᠢ᠂ 5 ᠪᠢᠴᠢᠭ ᠤᠨ ᠠᠵᠢᠯᠲᠠᠨ᠂ ᠣᠳᠣ 2 ᠪᠠᠶᠢᠯᠳᠤᠭᠠᠨ ᠤ ᠠᠩᠭᠢ᠂ 1 ᠴᠢᠮᠡᠭᠡ ᠬᠤᠯᠪᠣᠭᠠᠨ ᠤ ᠠᠩᠭᠢ ᠲᠣᠬᠢᠷᠠᠭᠤᠯᠵᠤ᠂ ᠵᠢᠵᠢᠭᠦᠷᠯᠡᠬᠦ ᠭᠠᠯ ᠤᠨᠲᠠᠷᠠᠭᠠᠬᠤ ᠲᠡᠷᠭᠡ 7᠂ ᠭᠠᠯ ᠤᠨᠲᠠᠷᠠᠭᠠᠬᠤ ᠲᠡᠷᠭᠡ 6᠂ ᠡᠭᠦᠨ ᠳᠤ ᠤᠰᠤᠨ ᠰᠠᠪᠠ ᠬᠥᠭᠡᠰᠦᠷᠬᠡᠭ ᠭᠠᠯ ᠤᠨᠲᠠᠷᠠᠭᠠᠬᠤ ᠲᠡᠷᠭᠡ 1᠂ 32 ᠮᠧᠳ᠋ᠷ ᠤᠨ ᠥᠨᠳᠥᠷ ᠳᠡᠭᠡᠷ᠎ᠡ ᠭᠠᠷᠬᠤ ᠭᠠᠯ ᠤᠨᠲᠠᠷᠠᠭᠠᠬᠤ ᠲᠡᠷᠭᠡ 1᠂ ᠤᠰᠤᠨ ᠰᠠᠪᠠ ᠭᠠᠯ ᠤᠨᠲᠠᠷᠠᠭᠠᠬᠤ ᠲᠡᠷᠭᠡ 3᠂ ᠠᠶᠠᠨᠴᠢᠳ ᠤᠨ ᠬᠡᠢ ᠬᠥᠭᠡᠰᠦ ᠭᠠᠷᠭᠠᠬᠤ ᠭᠠᠯ ᠤᠨᠲᠠᠷᠠᠭᠠᠬᠤ ᠲᠡᠷᠭᠡ 1᠂ ᠤᠰᠤ ᠠᠴᠢᠶᠠᠯᠠᠬᠤ ᠬᠡᠮᠵᠢᠶ᠎ᠡ 28 ᠲᠤᠨ ᠢ ᠪᠣᠭᠤᠨᠢᠰᠬᠠᠵᠠᠢ᠃ ᠳᠥᠷᠪᠡᠳ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠤᠣᠯ ᠡᠭᠦᠷᠭᠡ ᠪᠣᠯ ᠭᠠᠯ ᠰᠡᠷᠭᠡᠶᠢᠯᠡᠬᠦ᠂ ᠠᠶᠤᠯ ᠠᠴᠠ ᠠᠪᠤᠷᠠᠨ ᠲᠤᠰᠠᠯᠠᠬᠤ ᠪᠠ ᠨᠡᠶᠢᠭᠡᠮ ᠤᠨ ᠠᠪᠤᠷᠠᠨ ᠲᠤᠰᠠᠯᠠᠬᠤ ᠠᠵᠢᠯ ᠪᠣᠯᠤᠨ᠎ᠠ᠂ ᠪᠦᠬᠦ ᠬᠤᠰᠢᠭᠤᠨ ᠤ 25516 ᠲᠡᠭᠰᠢ ᠳᠥᠷᠪᠡᠯᠵᠢᠨ ᠺᠢᠯᠣᠮᠧᠳ᠋ᠷ᠂ 20.9 ᠲᠦᠮᠡᠨ ᠠᠷᠠᠳ ᠣᠯᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠡᠭᠦᠷᠭᠡᠯᠡᠵᠦ᠂ ᠳᠥᠷᠪᠡᠳ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠳᠤ ᠦᠢᠯᠡᠴᠢᠯᠡᠵᠦ᠂ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ ᠪᠠᠶᠢᠨ᠎ᠠ᠃      ᠬᠤᠶᠠᠷ᠂ ᠳᠣᠲᠣᠭᠠᠳᠤ ᠪᠠᠶᠢᠭᠤᠯᠤᠮᠵᠢ      ( ᠨᠢᠭᠡ ) ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ᠪᠢᠴᠢᠭ ᠮᠠᠲᠧᠷᠢᠶᠠᠯ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠤᠬᠠᠭᠤᠯᠭ᠎ᠠ ᠪᠠ ᠨᠡᠶᠢᠭᠡᠮ ᠤᠨ ᠪᠣᠯᠪᠠᠰᠤᠷᠠᠯ᠂ ᠡᠳᠦᠷ ᠲᠤᠲᠤᠮ ᠤᠨ ᠠᠯᠪᠠᠨ ᠪᠢᠴᠢᠭ ᠢ ᠬᠤᠷᠢᠶᠠᠨ ᠲᠠᠷᠬᠠᠭᠠᠬᠤ ᠵᠡᠷᠭᠡ ᠠᠵᠢᠯ ᠢ ᠡᠭᠦᠷᠭᠡᠯᠡᠨ᠎ᠡ ;       ( ᠬᠤᠶᠠᠷ ) ᠡᠳ᠋ ᠤᠨ ᠶᠠᠪᠤᠳᠠᠯ ᠤᠨ ᠲᠠᠰᠤᠭ᠃ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠡᠭᠦᠷᠭᠡ ᠴᠢᠳᠠᠪᠤᠷᠢ ᠶᠢ ᠬᠠᠷᠢᠭᠤᠴᠠᠨ᠎ᠠ ; ᠭᠤᠷᠪᠠ ᠳᠣᠲᠣᠭᠠᠳᠤ ᠶᠢ ᠬᠠᠮᠠᠭᠠᠯᠠᠬᠤ ᠡᠮᠦᠨ᠎ᠡ ᠵᠠᠮ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠃ᠪᠦᠬᠦ ᠬᠤᠰᠢᠭᠤᠨ ᠤ ᠭᠠᠯ ᠤᠨᠲᠠᠷᠠᠭᠠᠬᠤ ᠠᠶᠤᠯ‌‍ᠠ᠋ᠴᠠ ᠠᠪᠤᠷᠠᠬᠤ᠂ ᠠᠪᠤᠷᠠᠨ ᠲᠤᠰᠯᠠᠬᠤ ᠵᠡᠷᠭᠡ ᠠᠵᠢᠯ ᠢ ᠬᠠᠷᠢᠭᠤᠴᠠᠨ᠎ᠠ᠃      ᠭᠤᠷᠪᠠ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ᠄      1. ᠬᠤᠲᠠ ᠬᠥᠳᠡᠭᠡ ᠶᠢᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠂ ᠬᠠᠮᠢᠶ᠎ᠠ ᠪᠦᠬᠦᠢ ᠭᠠᠮᠰᠢᠭ ᠤᠨ ᠠᠳᠡᠯ‌‍ᠡᠴᠡ ᠠᠪᠤᠷᠠᠨ ᠲᠤᠰᠠᠯᠠᠬᠤ ᠠᠵᠢᠯᠯᠠᠭ᠎ᠠ ᠶᠢ ᠵᠢᠯᠣᠭᠤᠳᠤᠨ ᠲᠣᠬᠢᠷᠠᠭᠤᠯᠵᠤ᠂ ᠴᠢᠬᠤᠯᠠ ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠭᠠᠯ ᠤᠨᠲᠠᠷᠠᠭᠠᠵᠤ ᠠᠶᠤᠯ‌‍ᠠ᠋ᠴᠠ ᠬᠠᠮᠠᠭᠠᠯᠠᠬᠤ ᠠᠵᠢᠯ ᠢ ᠡᠭᠦᠷᠭᠡᠯᠡᠨ᠎ᠡ᠃       2. ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢᠴᠢ ᠭᠠᠯ ᠤᠨ ᠠᠶᠤᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠭᠠᠯ ᠤᠨᠲᠠᠷᠠᠭᠠᠵᠤ ᠠᠶᠤᠯ‌‍ᠠ᠋ᠴᠠ ᠬᠠᠮᠠᠭᠠᠯᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠭᠠᠯ ᠤᠨᠲᠠᠷᠠᠭᠠᠵᠤ ᠠᠶᠤᠯ‌‍ᠠ᠋ᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃       3. ᠭᠠᠯ ᠤᠨᠲᠠᠷᠠᠭᠠᠬᠤ ᠲᠤᠰᠬᠠᠢ ᠵᠦᠢᠯ ᠤᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃       4. ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠪᠠᠶᠢᠯᠳᠤᠬᠤ ᠠᠷᠭ᠎ᠠ ᠶᠢᠨ ᠰᠤᠳᠤᠯᠤᠯ ᠪᠣᠯᠤᠨ ᠡᠭᠦᠷᠭᠡ ᠭᠦᠢᠴᠡᠳᠬᠡᠵᠦ ᠲᠡᠶᠢᠨ ᠳᠤ ᠪᠡᠯᠡᠳᠬᠡᠬᠦ᠂ ᠪᠣᠯᠪᠠᠰᠤᠷᠠᠯ ᠬᠢᠬᠦ ᠵᠡᠷᠭᠡ ᠠᠵᠢᠯ ᠢ ᠬᠠᠷᠢᠭᠤᠴᠠᠨ᠎ᠠ᠃        5. ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢᠨ ᠮᠡᠳᠡᠭᠡ ᠵᠠᠩᠭᠢᠵᠢᠯᠲᠠ ᠪᠠ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃        6. ᠭᠠᠯ ᠤᠨᠲᠠᠷᠠᠭᠠᠵᠤ ᠠᠶᠤᠯ‌‍ᠠ᠋ᠴᠠ ᠬᠠᠮᠠᠭᠠᠯᠠᠬᠤ ᠤᠬᠠᠭᠤᠯᠭ᠎ᠠ ᠬᠥᠮᠦᠵᠢᠯ ᠢ ᠬᠠᠷᠢᠭᠤᠴᠠᠵᠤ᠂ ᠨᠡᠶᠢᠭᠡᠮ ᠤᠨ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃        7. ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠲᠤᠰᠬᠠᠢ ᠠᠵᠢᠯ ᠤᠨ ᠡᠩᠨᠡᠭᠡᠨ ᠤ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠪᠣᠯᠤᠨ ᠲᠣᠬᠢᠷᠠᠭᠤᠯᠤᠨ ᠵᠢᠯᠣᠭᠤᠳᠬᠤ ᠶᠢ ᠬᠠᠷᠢᠭᠤᠴᠠᠵᠤ᠂ ᠨᠡᠶᠢᠭᠡᠮ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠠᠪᠤᠷᠠᠨ ᠲᠤᠰᠠᠯᠠᠬᠤ ᠡᠭᠦᠷᠭᠡ ᠳᠤ ᠣᠷᠣᠯᠴᠠᠭᠤᠯᠬᠤ ᠬᠡᠷᠡᠭᠲᠡᠢ᠃        8. ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ᠃        9. ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠬᠠᠮᠢᠶ᠎ᠠ ᠪᠦᠬᠦᠢ ᠡᠭᠦᠷᠭᠡ ᠶᠢ ᠪᠡᠶᠡᠯᠡᠭᠦᠯᠦᠨ᠎ᠡ᠃ ᠠᠯᠪᠠᠨ ᠭᠡᠷ᠄ 0474 —52101191 ᠵᠢᠵᠢᠭᠦᠷ ᠤᠨ ᠲᠠᠰᠤᠭ᠄ 0474 —52151 19 ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 —18 : 00 ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠭᠠᠯ ᠰᠡᠷᠭᠡᠶᠢᠯᠡᠬᠦ ᠲᠤᠰᠠᠯᠠᠬᠤ ᠶᠡᠭᠡ ᠠᠩᠭᠢ ᠨᠢᠭᠡᠴᠢ ᠰᠢᠤᠳᠠᠨ ᠬᠠᠶᠢᠷᠴᠠᠭ᠄ 3071389473 @qq . com ᠬᠠᠷᠢᠭᠤᠴᠠᠯᠭᠠᠲᠠᠨ᠄ ᠬᠤ᠋  ᠳ᠋ᠦ᠋ᠩ ᠶᠧᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2