ᠳᠥᠷᠪᠡᠳ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ
ᠨᠡᠶᠢᠲᠡᠯᠡᠭᠰᠡᠨ ᠴᠠᠭ᠄
2024/11/1
      ᠳᠥᠷᠪᠡᠳ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ      ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠪᠣᠯ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠢᠩᠬᠢᠨᠢ ᠰᠠᠯᠠᠭᠠᠨ ᠳᠡᠰ ᠤᠨ ᠰᠢᠭᠤᠳ ᠬᠠᠷᠢᠶ᠎ᠠ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ᠎ᠠ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ᠄      ( ᠨᠢᠭᠡ ) ᠮᠠᠨ ᠤ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠪᠠ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ᠪᠦᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠬᠠᠯᠠᠨ ᠰᠠᠶᠢᠵᠢᠷᠠᠭᠤᠯᠬᠤ ᠰᠠᠨᠠᠯ ᠳᠤᠷᠠᠳᠴᠠᠢ᠃      ( ᠬᠤᠶᠠᠷ ) ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠲᠥᠯᠥᠪᠯᠡᠭᠡ᠂ ᠳ᠋ᠦ᠋ᠩᠨᠡᠯᠲᠡ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠨᠡᠷ᠎ᠡ ᠪᠠᠷ ᠶᠠᠪᠤᠭᠤᠯᠤᠭᠰᠠᠨ ᠡᠯ᠎ᠡ ᠵᠦᠢᠯ ᠤᠨ ᠴᠠᠬᠢᠯᠭᠠᠨ ᠮᠡᠳᠡᠭᠡ᠃       ( ᠭᠤᠷᠪᠠ ) ᠬᠤᠰᠢᠭᠤ ᠠᠯᠪᠠᠨ ᠶᠠᠪᠤᠳᠠᠯ ᠢᠶᠠᠷ ᠭᠠᠳᠠᠭᠠᠳᠤ ᠳᠤ ᠲᠣᠮᠢᠯᠠᠭᠰᠠᠨ ᠪᠦᠯᠬᠦᠮ ( ᠳᠤᠭᠤᠶᠢᠯᠠᠩ ) ᠪᠠ ᠭᠠᠳᠠᠭᠠᠳᠤ ᠶᠢᠨ ᠬᠥᠮᠦᠨ ᠢ ᠮᠠᠨ ᠤ ᠬᠤᠰᠢᠭᠤᠨ ᠳᠤ ᠤᠷᠢᠵᠤ ᠰᠤᠷᠪᠤᠯᠵᠢᠯᠠᠭᠤᠯᠬᠤ ᠵᠡᠷᠭᠡ ᠬᠠᠮᠢᠶ᠎ᠠ ᠪᠦᠬᠦᠢ ᠶᠠᠪᠤᠳᠠᠯ ᠢ ᠬᠢᠨᠠᠨ ᠬᠠᠷᠭᠤᠭᠤᠯᠬᠤ ᠪᠠ ᠮᠡᠳᠡᠭᠦᠯᠬᠦ ᠶᠢ ᠬᠠᠷᠢᠭᠤᠴᠠᠨ᠎ᠠ᠃       ( ᠳᠥᠷᠪᠡ ) ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠦᠵᠡᠭᠰᠡᠨ᠂ ᠠᠶᠢᠯᠴᠢᠯᠠᠭᠰᠠᠨ ᠤᠯᠤᠰ ᠤᠨ ᠵᠣᠴᠢᠨ᠂ ᠨᠠᠮ ᠤᠨ ᠵᠣᠴᠢᠨ᠂ ᠳᠤᠮᠳᠠᠳᠤ ᠳᠤ ᠰᠠᠭᠤᠭ᠎ᠠ ᠡᠯᠴᠢᠨ ᠵᠢᠴᠢ ᠪᠤᠰᠤᠳ ᠴᠢᠬᠤᠯᠠ ᠭᠠᠳᠠᠭᠠᠳᠤ ᠶᠢᠨ ᠵᠣᠴᠢᠳ ᠢ ᠬᠦᠯᠢᠶᠡᠨ ᠠᠪᠬᠤ ᠶᠢ ᠬᠠᠷᠢᠭᠤᠴᠠᠨ᠎ᠠ ;ᠮᠠᠨ ᠤ ᠬᠤᠰᠢᠭᠤᠨ ᠳᠤ ᠠᠯᠪᠠᠨ ᠠᠵᠢᠯᠯᠠᠭ᠎ᠠ ᠥᠷᠨᠢᠭᠦᠯᠦᠭᠰᠡᠨ᠋‌‍ᠡᠴᠡ ᠭᠠᠳᠠᠨᠠᠬᠢ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠬᠠᠷᠢᠯᠴᠠᠭᠠᠨ ᠤ ᠠᠵᠢᠯᠲᠠᠨ ᠢ ᠬᠦᠯᠢᠶᠡᠨ ᠠᠪᠴᠤ ᠵᠣᠴᠢᠯᠠᠨ᠎ᠠ ;ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠠ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠨ᠎ᠠ᠃     ( ᠲᠠᠪᠤ ) ᠪᠦᠬᠦ ᠬᠤᠰᠢᠭᠤᠨ ᠤ ᠠᠷᠠᠳ ᠤᠨ ᠬᠤᠭᠤᠷᠣᠨᠳᠣᠬᠢ ᠭᠠᠳᠠᠭᠠᠳᠤ ᠰᠣᠯᠢᠯᠴᠠᠭᠠᠨ ᠤ ᠠᠵᠢᠯ ᠢ ᠵᠢᠯᠣᠭᠤᠳᠤᠨ᠎ᠠ᠃       ( ᠵᠢᠷᠭᠤᠭ᠎ᠠ ) ᠭᠠᠳᠠᠭᠠᠳᠤ ᠶᠢᠨ ᠰᠤᠷᠪᠤᠯᠵᠢᠯᠠᠭᠴᠢᠳ ᠤᠨ ᠮᠠᠨ ᠤ ᠬᠤᠰᠢᠭᠤᠨ ᠳᠤ ᠠᠵᠢᠯᠯᠠᠬᠤ᠂ ᠠᠵᠢᠯᠯᠠᠭ᠎ᠠ ᠬᠢᠬᠦ ᠵᠢᠴᠢ ᠰᠤᠷᠪᠤᠯᠵᠢᠯᠠᠬᠤ ᠬᠤᠭᠤᠴᠠᠭᠠᠨ ᠳᠠᠬᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ( ᠳᠣᠯᠤᠭ᠎ᠠ ) ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ ᠬᠠᠮᠢᠶᠠᠷᠴᠤ᠂ ᠬᠤᠯᠪᠣᠭᠳᠠᠯ ᠪᠦᠬᠦᠢ ᠨᠢᠭᠡᠴᠢ ᠶᠢ ᠵᠢᠯᠣᠭᠤᠳᠴᠤ ᠪᠠᠶᠢᠭᠠᠳ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠯᠭᠡᠬᠦ ;ᠬᠤᠯᠪᠣᠭᠳᠠᠯ ᠪᠦᠬᠦᠢ ᠨᠢᠭᠡᠴᠢ ᠶᠢᠨ ᠭᠠᠳᠠᠭᠠᠳᠤ ᠶᠢᠨ ᠬᠥᠮᠦᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠭᠰᠠᠨ ᠭᠤᠣᠯ ᠤᠴᠢᠷ ᠶᠠᠪᠤᠳᠠᠯ ᠤᠳ ᠢ ᠰᠢᠢᠳᠪᠦᠷᠢᠯᠡᠬᠦ ᠪᠤᠶᠤ ᠬᠠᠪᠰᠤᠷᠤᠨ᠎ᠠ᠃       ( ᠨᠠᠢᠮᠠ ) ᠪᠦᠬᠦ ᠬᠤᠰᠢᠭᠤᠨ ᠤ ᠭᠠᠳᠠᠭᠠᠳᠤ ᠶᠠᠪᠤᠳᠠᠯ ᠤᠨ ᠺᠠᠳ᠋ᠷ ᠪᠠ ᠭᠠᠳᠠᠭᠠᠳᠤ ᠲᠠᠢ ᠬᠤᠯᠪᠣᠭᠳᠠᠭᠰᠠᠨ ᠬᠥᠮᠦᠰ ᠲᠤ ᠭᠠᠳᠠᠭᠠᠳᠤ ᠲᠥᠷᠥ ᠶᠢᠨ ᠪᠣᠳᠣᠯᠭ᠎ᠠ ᠪᠠ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ ᠶᠢ ᠬᠠᠷᠢᠭᠤᠴᠠᠨ᠎ᠠ᠃       ( ᠶᠢᠰᠣ ) ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠠᠢ ᠬᠠᠮᠵᠢᠯᠴᠠᠨ᠂ ᠭᠠᠳᠠᠭᠠᠳᠤ ᠤᠬᠠᠭᠤᠯᠭ᠎ᠠ ᠪᠠ ᠣᠯᠠᠨ ᠲᠦᠮᠡᠨᠴᠢ ᠴᠢᠨᠠᠷᠲᠠᠢ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠨ᠎ᠡ       ( ᠠᠷᠪᠠ ) ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠨᠢᠭᠤᠴᠠ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠭᠠᠳᠠᠭᠠᠳᠤ ᠶᠠᠪᠤᠳᠠᠯ ᠤᠨ ᠠᠵᠢᠯ ᠵᠢᠴᠢ ᠨᠢᠭᠤᠴᠠ ᠶᠢ ᠬᠠᠮᠠᠭᠠᠯᠠᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ᠎ᠠ᠃ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠶᠠᠪᠤᠳᠠᠯ ᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠪᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠤᠷᠠᠳᠬᠤ ᠬᠡᠷᠡᠭᠲᠡᠢ᠃       ( ᠠᠷᠪᠠᠨ ᠨᠢᠭᠡ ) ᠡᠭᠦᠷᠭᠡ  ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃      (ᠠᠷᠪᠠᠨ  ᠬᠤᠶᠠᠷ ) ᠬᠤᠰᠢᠭᠤ ᠬᠡᠪᠴᠢᠶᠡᠨ ᠳᠠᠬᠢ ᠬᠢᠯᠢ ᠶᠢᠨ ᠵᠠᠭᠠᠭ ᠤᠨ ᠡᠳᠦᠷ ᠳᠣᠳᠣᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ( ᠠᠷᠪᠠᠨ ᠭᠤᠷᠪᠠ ) ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠬᠤᠶᠠᠷ᠂ ᠳᠣᠲᠣᠭᠠᠳᠤ ᠪᠠᠶᠢᠭᠤᠯᠤᠮᠵᠢ     ᠭᠠᠳᠠᠭᠠᠳᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠰᠤᠭ᠃ ᠪᠠᠶᠢᠭᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠢ ᠬᠠᠷᠢᠭᠤᠴᠠᠵᠤ᠂ ᠬᠤᠷᠠᠯ ᠤᠨ ᠵᠣᠬᠢᠶᠠᠨ ᠪᠠᠶᠢᠭᠤᠯᠤᠯᠲᠠ᠂ ᠠᠯᠪᠠᠨ ᠪᠢᠴᠢᠭ ᠤᠨ ᠬᠠᠮᠢᠶᠠᠷᠤᠯᠲᠠ᠂ ᠨᠠᠷᠢᠨ ᠪᠢᠴᠢᠭ ᠤᠨ ᠠᠵᠢᠯ᠂ ᠴᠢᠬᠤᠯᠠ ᠪᠢᠴᠢᠭ ᠮᠠᠲᠧᠷᠢᠶᠠᠯ ᠢ ᠲᠤᠭᠤᠷᠪᠢᠬᠤ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠰᠣᠨᠢᠨ ᠮᠡᠳᠡᠭᠡᠨ ᠤ ᠤᠬᠠᠭᠤᠯᠭ᠎ᠠ ᠪᠠ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠲᠤᠰ ᠰᠠᠯᠠᠭ᠎ᠠ ᠮᠥᠴᠢᠷ ᠤᠨ ᠢᠶᠠᠨ ᠵᠢᠷᠤᠮᠵᠢᠯ ᠤᠨ ᠴᠢᠨᠠᠷᠲᠠᠢ ᠪᠢᠴᠢᠭ ᠮᠠᠲᠧᠷᠢᠶᠠᠯ ᠢ ᠬᠠᠤᠯᠢ ᠶᠣᠰᠣᠨ ᠤ ᠬᠢᠨᠠᠨ ᠪᠠᠶᠢᠴᠠᠭᠠᠬᠤ᠂ ᠳᠠᠩᠰᠠᠯᠠᠭᠤᠯᠬᠤ ᠠᠵᠢᠯ ᠢ ᠡᠭᠦᠷᠭᠡᠯᠡᠨ᠎ᠡ ;ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠡᠷᠭᠡ ᠬᠥᠰᠬᠡ ᠶᠢᠨ ᠬᠠᠮᠢᠶᠠᠷᠤᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠬᠦᠯᠢᠶᠡᠨ ᠠᠪᠴᠤ ᠬᠠᠮᠢᠶᠠᠷᠬᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠡᠷᠭᠡ ᠡᠳᠦᠷ ᠲᠤᠲᠤᠮ ᠤᠨ ᠠᠵᠢᠯ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠬᠦ ;ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠬᠦ ;ᠬᠤᠰᠢᠭᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠠᠳᠠᠭᠠᠳᠤ ᠶᠠᠪᠤᠳᠠᠯ ᠤᠨ ᠠᠵᠢᠯ ᠤᠨ ᠪᠠᠶᠢᠷᠢᠯᠠᠭᠤᠯᠤᠯᠲᠠ ᠪᠠ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ᠮᠠᠨ ᠤ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠪᠠ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠪᠦᠬᠦ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠭᠠᠷᠠᠢ᠃ᠬᠠᠮᠢᠶ᠎ᠠ ᠪᠦᠬᠦᠢ ᠳᠦᠷᠢᠮ ᠲᠣᠭᠲᠠᠭᠠᠯ ᠢᠶᠠᠷ ᠬᠢᠨᠠᠨ ᠬᠠᠷᠭᠤᠭᠤᠯᠤᠨ ᠳᠡᠭᠡᠭᠰᠢ ᠮᠡᠳᠡᠭᠦᠯᠵᠦ᠂ ᠪᠦᠬᠦ ᠬᠤᠰᠢᠭᠤᠨ ᠤ ᠡᠯ᠎ᠡ ᠭᠠᠵᠠᠷ ᠤᠨ ᠠᠯᠪᠠᠨ ᠶᠠᠪᠤᠳᠠᠯ ᠢᠶᠠᠷ ᠭᠠᠳᠠᠭᠠᠳᠤ ᠳᠤ ᠲᠣᠮᠢᠯᠠᠭᠰᠠᠨ ᠪᠦᠯᠬᠦᠮ ( ᠳᠤᠭᠤᠶᠢᠯᠠᠩ ) ᠪᠠ ᠭᠠᠳᠠᠭᠠᠳᠤ ᠶᠢᠨ ᠬᠥᠮᠦᠨ ᠢ ᠮᠠᠨ ᠤ ᠬᠤᠰᠢᠭᠤᠨ ᠳᠤ ᠠᠪᠴᠢᠷᠠᠵᠤ ᠠᠶᠢᠯᠴᠢᠯᠠᠯᠲᠠ ᠬᠢᠯᠭᠡᠬᠦ ᠵᠡᠷᠭᠡ ᠬᠠᠮᠢᠶ᠎ᠠ ᠪᠥᠬᠦᠢ ᠬᠡᠷᠡᠭ ᠶᠠᠪᠤᠳᠠᠯ ᠢ ᠬᠢᠨᠠᠨ ᠬᠠᠷᠭᠤᠭᠤᠯᠬᠤ ᠬᠡᠷᠡᠭᠲᠡᠢ ;ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠬᠢᠯᠢ ᠶᠢᠨ ᠭᠠᠳᠠᠨᠠᠬᠢ ᠰᠤᠷᠪᠤᠯᠵᠢᠯᠠᠭᠴᠢ ᠶᠢᠨ ᠮᠠᠨ ᠤ ᠬᠤᠰᠢᠭᠤᠨ ᠳᠤ ᠬᠢᠬᠦ ᠠᠵᠢᠯᠯᠠᠭ᠎ᠠ᠂ ᠰᠤᠷᠪᠤᠯᠵᠢᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ ;ᠬᠤᠯᠪᠣᠭᠳᠠᠯ ᠪᠦᠬᠦᠢ ᠨᠢᠭᠡᠴᠢ ᠶᠢ ᠬᠠᠷᠢᠭᠤᠴᠠᠨ ᠵᠢᠯᠣᠭᠤᠳᠴᠤ ᠪᠠᠶᠢᠭᠠᠳ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ ;ᠮᠠᠨ ᠤ ᠬᠤᠰᠢᠭᠤᠨ ᠳᠤ ᠡᠷᠬᠢᠯᠡᠭᠰᠡᠨ ᠣᠯᠠᠨ ᠤᠯᠤᠰ ᠤᠨ ᠬᠤᠷᠠᠯ ᠵᠡᠷᠭᠡ ᠭᠠᠳᠠᠭᠠᠳᠤ ᠲᠠᠢ ᠬᠤᠯᠪᠣᠭᠳᠠᠭᠰᠠᠨ ᠠᠵᠢᠯᠯᠠᠭᠠᠨ ᠤ ᠮᠡᠳᠡᠭᠦᠯᠬᠦ ᠠᠵᠢᠯ ᠢ ᠬᠠᠷᠢᠭᠤᠴᠠᠨ᠎ᠠ ;ᠬᠤᠯᠪᠣᠭᠳᠠᠯ ᠪᠦᠬᠦᠢ ᠨᠢᠭᠡᠴᠢ ᠶᠢᠨ ᠭᠠᠳᠠᠭᠠᠳᠤ ᠶᠢᠨ ᠬᠥᠮᠦᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠭᠰᠠᠨ ᠤᠴᠢᠷ ᠶᠠᠪᠤᠳᠠᠯ ᠤᠳ ᠢ ᠰᠢᠢᠳᠪᠦᠷᠢᠯᠡᠬᠦ ᠪᠤᠶᠤ ᠬᠠᠪᠰᠤᠷᠤᠨ᠎ᠠ ;ᠪᠦᠬᠦ ᠬᠤᠰᠢᠭᠤᠨ ᠤ ᠭᠠᠳᠠᠭᠠᠳᠤ ᠲᠠᠢ ᠬᠤᠷᠰᠢᠨ ᠰᠣᠯᠢᠯᠴᠠᠭ᠎ᠠ ᠬᠢᠬᠦ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠠᠷᠠᠳ ᠤᠨ ᠬᠤᠭᠤᠷᠣᠨᠳᠣᠬᠢ ᠭᠠᠳᠠᠭᠠᠳᠤ ᠰᠣᠯᠢᠯᠴᠠᠭᠠᠨ ᠤ ᠠᠵᠢᠯ ᠢ ᠵᠢᠯᠣᠭᠤᠳᠤᠨ᠎ᠠ ;ᠬᠤᠰᠢᠭᠤᠨ ᠤ ᠬᠢᠯᠢ ᠬᠢᠵᠠᠭᠠᠷ ᠤᠨ ᠡᠳᠦᠷ ᠳᠣᠳᠣᠮ ᠤᠨ ᠬᠠᠮᠠᠭᠠᠯᠠᠯᠲᠠ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠯᠪᠠᠯᠠᠬᠤ ᠬᠠᠶ᠋ᠢᠭ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠵᠧᠩ ᠪᠧᠢ ᠵᠠᠮ ᠤᠨ ᠬᠢᠨᠠᠨ ᠪᠣᠳᠣᠬᠤ ᠲᠣᠪᠴᠢᠶᠠᠨ ᠤ ᠨᠢᠭᠡᠳᠦᠭᠡᠷ ᠳᠠᠪᠬᠤᠷᠭ᠎ᠠ ᠠᠵᠢᠯᠯᠠᠬᠤ ᠴᠠᠭ᠄ ᠭᠠᠷᠠᠭ ᠤᠨ ᠨᠢᠭᠡᠨ᠋‌‍ᠡᠴᠡ ᠭᠠᠷᠠᠭ ᠤᠨ ᠲᠠᠪᠤᠨ ᠵᠢᠰᠦᠨ ᠴᠠᠭ ᠪᠣᠯᠲᠠᠯ᠎ᠠ 12᠄ 00 - 18᠄ 00 ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠭᠠᠷᠭᠠᠪᠠᠯ ) ᠬᠠᠷᠢᠯᠴᠠᠬᠤ ᠠᠷᠭ᠎ᠠ ᠮᠠᠶ᠋ᠢᠭ᠄ 0474—5206848 ᠬᠠᠷᠢᠭᠤᠴᠠᠯᠭᠠᠲᠠᠨ᠄ ᠶᠦᠨ ᡁᠢ ᠰᠢᠨᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2