ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ | | | ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯ ᠬᠤᠰᠢᠭᠤ | ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠠᠩᠭᠢ ᠶᠢᠨ ᠳᠡᠰ | ᠪᠣᠯᠤᠨ᠎ᠠ᠃ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷᠡᠴᠡ ᠨᠢᠭᠡᠳᠦᠯᠲᠡᠢ | ᠬᠠᠮᠢᠶᠠᠷᠬᠤ ᠪᠠ ᠵᠣᠬᠢᠴᠠᠭᠤᠯᠬᠤ ᠬᠡᠷᠡᠭᠲᠡᠢ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | ( ᠨᠢᠭᠡ ) ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠠᠵᠢᠯ᠂ ᠨᠢᠭᠡ ᠲᠥᠷᠥᠯ ᠤᠨ ᠬᠡᠯᠪᠡᠷᠢ ᠶᠢᠨ ᠨᠢᠭᠡ ᠰᠦᠯᠵᠢᠶ᠎ᠡ ᠪᠠ 《 ᠢᠨᠲ᠋ᠧᠷ ᠰᠦᠯᠵᠢᠶ᠎ᠡ | + ᠵᠠᠰᠠᠭ ᠤᠨ ᠶᠠᠪᠤᠳᠠᠯ ᠤᠨ ᠦᠢᠯᠡᠴᠢᠯᠡᠭᠡ 》 ᠶᠢᠨ ᠲᠠᠪᠴᠠᠩ ᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠬᠠᠷᠢᠭᠤᠴᠠᠵᠤ᠂ ᠡᠯ᠎ᠡ ᠪᠠᠶᠢᠭᠤᠯᠭ᠎ᠠ ᠨᠢᠭᠡᠴᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ | ᠵᠠᠰᠠᠭ ᠵᠠᠬᠢᠷᠭᠠᠨ ᠤ ᠦᠢᠯᠡᠴᠢᠯᠡᠭᠡᠨ ᠤ ᠵᠦᠢᠯᠡᠰ ᠤᠨ ᠶᠠᠪᠤᠴᠠ ᠶᠢ ᠳᠠᠬᠢᠨ ᠦᠢᠯᠡᠳᠬᠦ ᠪᠠ ᠰᠢᠯᠢᠳᠡᠭᠵᠢᠭᠦᠯᠬᠦ ᠶᠢ | ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ( ᠬᠤᠶᠠᠷ ) ᠵᠠᠰᠠᠭ ᠵᠠᠬᠢᠷᠭᠠᠨ ᠤ ᠦᠢᠯᠡᠴᠢᠯᠡᠭᠡᠨ ᠤ ᠲᠢᠩᠬᠢᠮ ᠤᠨ ᠪᠠᠶᠢᠭᠤᠯᠤᠯᠲᠠ ᠪᠠ ᠲᠤᠬᠠᠶᠢᠯᠠᠭᠰᠠᠨ | ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ᠃ | ( ᠭᠤᠷᠪᠠ ) ᠰᠦᠯᠵᠢᠶᠡᠨ ᠳᠡᠭᠡᠷᠡᠬᠢ ᠠᠵᠢᠯ ᠭᠦᠢᠴᠡᠳᠬᠡᠬᠦ ᠲᠢᠩᠬᠢᠮ ᠢ ᠪᠦᠲᠦᠭᠡᠨ ᠪᠠᠶᠢᠭᠤᠯᠬᠤ᠂ | ᠠᠵᠢᠯᠯᠠᠭᠤᠯᠬᠤ᠂ ᠬᠠᠮᠠᠭᠠᠯᠠᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃ | ( ᠳᠥᠷᠪᠡ ) ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠬᠤ ᠨᠢᠭᠡᠴᠡ ᠶᠢᠨ ᠴᠣᠩᠬᠤᠪᠴᠢ ᠵᠢᠴᠢ | ᠠᠵᠢᠯᠲᠠᠨ ᠳᠤ ᠪᠣᠯᠪᠠᠰᠣᠷᠠᠭᠤᠯᠤᠯ᠂ ᠬᠠᠮᠢᠶᠠᠷᠤᠯᠲᠠ ᠪᠠ ᠰᠢᠯᠭᠠᠨ ᠲᠣᠭᠲᠠᠭᠠᠯᠲᠠ ᠬᠢᠬᠦ ᠶᠢ ᠬᠠᠷᠢᠭᠤᠴᠠᠨ ᠵᠣᠬᠢᠶᠠᠨ | ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠤᠯᠪᠣᠭᠳᠠᠯ ᠪᠦᠬᠦᠢ ᠯᠠᠪᠯᠠᠯᠭ᠎ᠠ᠂ | ᠵᠠᠭᠠᠯᠳᠤᠯᠭ᠎ᠠ᠂ ᠰᠠᠨᠠᠭᠤᠯᠭ᠎ᠠ ᠶᠢᠨ ᠠᠵᠢᠯ ᠢ ᠬᠦᠯᠢᠶᠡᠨ ᠠᠪᠴᠤ ᠰᠢᠢᠳᠪᠦᠷᠢᠯᠡᠨ᠎ᠡ᠃ | ( ᠲᠠᠪᠤ ) ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠢᠯᠡ ᠪᠣᠯᠭᠠᠬᠤ ᠬᠠᠮᠢᠶ᠎ᠠ | ᠪᠥᠬᠦᠢ ᠲᠤᠬᠠᠶᠢᠯᠠᠭᠰᠠᠨ ᠠᠵᠢᠯ ᠢ ᠵᠢᠭᠠᠨ ᠵᠢᠯᠣᠭᠤᠳᠬᠤ᠂ ᠵᠣᠬᠢᠴᠠᠭᠤᠯᠬᠤ᠂ ᠱᠠᠭᠠᠷᠳᠠᠨ ᠪᠠᠶᠢᠴᠠᠭᠠᠬᠤ ᠶᠢ | ᠬᠠᠷᠢᠭᠤᠴᠠᠨ᠎ᠠ᠃ | ( ᠵᠢᠷᠭᠤᠭ᠎ᠠ ) ᠬᠤᠰᠢᠭᠤᠨ ᠤ 《 ᠲᠠᠯᠪᠢᠬᠤ ᠬᠠᠮᠢᠶᠠᠷᠬᠤ ᠦᠢᠯᠡᠴᠢᠯᠡᠬᠦ 》 ᠥᠭᠡᠷᠡᠴᠢᠯᠡᠯᠲᠡ ᠶᠢᠨ | ᠡᠳᠦᠷ ᠲᠤᠲᠤᠮ ᠤᠨ ᠠᠵᠢᠯ ᠢ ᠡᠭᠦᠷᠭᠡᠯᠡᠨ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ | ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ | ( ᠳᠣᠯᠤᠭ᠎ᠠ ) ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ | ᠤᠬᠠᠮᠰᠠᠷ ᠤᠨ ᠬᠡᠯᠪᠡᠷᠢ᠂ ᠠᠶᠤᠯ ᠥᠬᠡᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠵᠥᠷᠢᠴᠡᠯ ᠢ ᠠᠷᠢᠯᠭᠠᠬᠤ᠂ ᠵᠠᠬᠢᠳᠠᠯ | ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠢ᠃ | ( ᠨᠠᠢᠮᠠ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ᠄ | ( ᠨᠢᠭᠡ ) ᠶᠡᠷᠦᠩᠬᠡᠶᠢᠯᠡᠭᠰᠡᠨ ᠠᠯᠪᠠᠨ ᠭᠡᠷ᠃ᠲᠣᠪᠴᠢᠶᠠᠨ ᠳᠠᠬᠢ ᠡᠳᠦᠷ ᠳᠣᠳᠣᠮ ᠤᠨ ᠠᠵᠢᠯᠯᠠᠭᠠᠨ ᠪᠠ | ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ;ᠲᠣᠪᠴᠢᠶᠠᠨ ᠳᠠᠬᠢ ᠨᠠᠮ ᠤᠨ ᠪᠠᠶᠢᠭᠤᠯᠤᠯᠲᠠ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠡᠳᠦᠷ ᠲᠤᠲᠤᠮ ᠤᠨ | ᠠᠵᠢᠯ ᠢ ᠡᠭᠦᠷᠭᠡᠯᠡᠨ᠎ᠡ ;ᠵᠠᠰᠠᠭ ᠵᠠᠬᠢᠷᠭᠠᠨ ᠤ ᠠᠯᠪᠠᠨ ᠪᠢᠴᠢᠭ ᠢ ᠬᠤᠷᠢᠶᠠᠨ ᠲᠠᠷᠬᠠᠭᠠᠬᠤ᠂ ᠪᠥᠭᠡᠮ ᠢᠶᠠᠷ | ᠬᠤᠳᠠᠯᠳᠤᠬᠤ᠂ ᠤᠯᠠᠮᠵᠢᠯᠠᠨ ᠤᠩᠰᠢᠬᠤ᠂ ᠰᠢᠪᠠᠳᠠᠨ ᠰᠢᠢᠳᠪᠦᠷᠢᠯᠡᠭᠦᠯᠬᠦ᠂ ᠡᠪᠬᠡᠮᠡᠯ ᠪᠠᠶᠢᠭᠤᠯᠬᠤ᠂ ᠳᠠᠩᠰᠠ | ᠡᠪᠬᠡᠮᠡᠯ ᠳᠤ ᠣᠷᠣᠭᠤᠯᠬᠤ ᠪᠠ ᠲᠠᠮᠠᠭ᠎ᠠ ᠬᠠᠮᠢᠶᠠᠷᠬᠤ ᠠᠵᠢᠯ ᠢ ᠬᠠᠷᠢᠭᠤᠴᠠᠨ᠎ᠠ ;ᠲᠣᠪᠴᠢᠶᠠᠨ ᠳᠠᠬᠢ ᠡᠯ᠎ᠡ ᠵᠦᠢᠯ ᠤᠨ | ᠵᠠᠷᠤᠳᠠᠯ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠳᠠᠩᠰᠠ ᠬᠠᠷ᠎ᠠ ᠶᠢ ᠨᠠᠶᠢᠷᠠᠭᠤᠯᠤᠨ | ᠵᠣᠬᠢᠶᠠᠬᠤ ᠠᠵᠢᠯ ᠢ ᠪᠡᠶᠡᠯᠡᠭᠦᠯᠵᠦ᠂ ᠲᠣᠪᠴᠢᠶᠠᠨ ᠳᠠᠬᠢ ᠡᠳ᠋ ᠤᠨ ᠶᠠᠪᠤᠳᠠᠯ ᠤᠨ ᠬᠠᠮᠢᠶᠠᠷᠤᠯᠲᠠ᠂ ᠭᠤᠷᠪᠠᠨ | ᠵᠦᠢᠯ ᠤᠨ ᠠᠯᠪᠠᠨ ᠤ ᠵᠠᠷᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ ;ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ | ᠪᠠ ᠠᠯᠪᠠᠨ ᠠᠵᠢᠯ ᠤᠨ ᠲᠣᠨᠤᠭ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠪᠠ ᠬᠠᠮᠠᠭᠠᠯᠠᠯᠲᠠ᠂ | ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠡᠯᠧᠺᠳ᠋ᠷᠣᠨ ᠬᠢᠨᠠᠨ | ᠪᠠᠶᠢᠴᠠᠭᠠᠬᠤ ᠰᠢᠰᠲᠧᠮ ᠤᠨ ᠬᠢᠨᠠᠨ ᠪᠠᠶᠢᠴᠠᠭᠠᠭᠰᠠᠨ ᠲᠤᠭ᠎ᠠ ᠪᠠᠷᠢᠮᠲᠠ ᠶᠢ ᠭᠠᠷᠭᠠᠵᠤ ᠠᠪᠬᠤ ᠪᠠ ᠬᠡᠷᠡᠭᠯᠡᠬᠦ ᠶᠢ | ᠰᠠᠶᠢᠲᠤᠷ ᠬᠢᠨ᠎ᠡ ;ᠬᠤᠯᠪᠣᠭᠳᠠᠯ ᠪᠥᠬᠦᠢ ᠨᠡᠶᠢᠭᠡᠮ ᠤᠨ ᠬᠡᠷᠡᠭ ᠶᠠᠪᠤᠳᠠᠯ ᠤᠨ ᠠᠵᠢᠯ᠂ ᠵᠠᠰᠠᠭ ᠵᠠᠬᠢᠷᠭᠠᠨ ᠤ ᠬᠡᠷᠡᠭ | ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ ;ᠲᠤᠰ | ᠰᠠᠯᠠᠭ᠎ᠠ ᠮᠥᠴᠢᠷ ᠤᠨ ᠢᠶᠠᠨ ᠵᠥᠷᠢᠴᠡᠯ ᠢ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ | ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ;ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ | ᠳᠠᠭᠠᠭᠠᠨ ᠠᠪᠴᠤ ᠭᠦᠢᠴᠡᠳᠬᠡᠨ᠎ᠡ᠃ | ( ᠬᠤᠶᠠᠷ ) ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ | ᠲᠠᠰᠤᠭ᠃ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ᠂ ᠲᠥᠷᠥ ᠶᠢᠨ | ᠪᠣᠳᠣᠯᠭ᠎ᠠ ᠶᠢ ᠤᠩᠰᠢᠨ ᠲᠠᠶ᠋ᠢᠯᠪᠤᠷᠢᠯᠠᠭᠤ ᠵᠡᠷᠭᠡ ᠠᠵᠢᠯ ᠢ ᠬᠠᠷᠢᠭᠤᠴᠠᠨ᠎ᠠ ;ᠡᠯ᠎ᠡ ᠰᠠᠯᠠᠭ᠎ᠠ ᠮᠥᠴᠢᠷ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠵᠢᠯᠣᠭᠤᠳᠤᠨ᠂ ᠵᠣᠬᠢᠴᠠᠭᠤᠯᠬᠤ ᠪᠠ ᠲᠡᠭᠦᠨ ᠳᠤ ᠬᠢᠨᠠᠯᠲᠠ ᠲᠠᠯᠪᠢᠨ᠎ᠠ ;ᠪᠦᠬᠦ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠡᠯᠧᠺᠳ᠋ᠷᠣᠨ ᠢᠶᠠᠷ | ᠬᠢᠨᠠᠨ ᠰᠢᠯᠭᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ;ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠬᠠᠷᠢᠭᠤᠴᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠤᠨ ᠢᠯᠡᠴᠢᠯᠡᠨ ᠮᠡᠳᠡᠭᠦᠯᠬᠦ᠂ ᠵᠠᠭᠠᠯᠳᠤᠬᠤ | ᠵᠡᠷᠭᠡ ᠠᠵᠢᠯ ᠢ ᠰᠢᠢᠳᠪᠦᠷᠢᠯᠡᠵᠦ᠂ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ ;ᠪᠦᠬᠦ ᠬᠤᠰᠢᠭᠤᠨ ᠤ 《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ | 》 ᠶᠢᠨ ᠲᠠᠪᠴᠠᠩ ᠢ ᠬᠡᠷᠡᠭᠯᠡᠵᠦ ᠳᠡᠯᠭᠡᠷᠡᠭᠦᠯᠬᠦ ᠠᠵᠢᠯ ᠢ ᠬᠠᠷᠢᠭᠤᠴᠠᠵᠤ᠂ ᠪᠦᠬᠦ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠵᠤ ᠦᠢᠯᠡᠴᠢᠯᠡᠬᠦ ᠠᠵᠢᠯ ᠢ ᠬᠢᠨᠠᠬᠤ᠂ ᠵᠢᠯᠣᠭᠤᠳᠬᠤ᠂ | ᠲᠦᠯᠬᠢᠨ ᠠᠬᠢᠭᠤᠯᠬᠤ ᠶᠢ ᠬᠠᠷᠢᠭᠤᠴᠠᠨ᠎ᠠ ;ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠡᠳᠦᠷ ᠳᠣᠳᠣᠮ ᠤᠨ ᠠᠵᠢᠯ ᠢ ᠡᠭᠦᠷᠭᠡᠯᠡᠵᠦ᠃ | ( ᠭᠤᠷᠪᠠ ) ᠥᠭᠡᠷᠡᠴᠢᠯᠡᠯᠲᠡ ᠬᠢᠵᠦ ᠰᠲ᠋ᠣᠺ ᠭᠠᠷᠭᠠᠬᠤ ᠶᠢ ᠳᠤᠷ᠎ᠠ ᠪᠠᠷ ᠨᠢ ᠲᠠᠯᠪᠢᠵᠤ ᠬᠠᠮᠢᠶᠠᠷᠤᠨ᠎ᠠ᠃ | 《 ᠲᠠᠯᠪᠢᠬᠤ ᠬᠠᠮᠢᠶᠠᠷᠬᠤ ᠦᠢᠯᠡᠴᠢᠯᠡᠬᠦ 》 ᠥᠭᠡᠷᠡᠴᠢᠯᠡᠯᠲᠡ ᠶᠢᠨ ᠡᠳᠦᠷ ᠳᠣᠳᠣᠮ ᠤᠨ ᠠᠵᠢᠯ ᠢ ᠬᠠᠷᠢᠭᠤᠴᠠᠨ᠎ᠠ | ;ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ | ᠵᠢᠯᠣᠭᠤᠳᠤᠨ᠂ ᠵᠣᠬᠢᠴᠠᠭᠤᠯᠵᠤ᠂ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠢ ᠠᠷᠠᠳ ᠲᠤ ᠳᠥᠭᠦᠮ ᠪᠣᠯᠭᠠᠬᠤ ᠶᠢ | ᠲᠦᠯᠬᠢᠨ ᠠᠬᠢᠭᠤᠯᠤᠨ᠎ᠠ ;ᠰᠠᠭᠤᠷᠢ ᠨᠠᠷᠢᠨ ᠬᠠᠭᠤᠳᠠᠰᠤ ᠶᠢᠨ ᠳᠦᠷᠢᠮ ᠤᠨ ᠪᠠᠶᠢᠭᠤᠯᠤᠯᠲᠠ ᠪᠠ ᠪᠠᠷᠢᠮᠵᠢᠶᠠᠵᠢᠭᠤᠯᠬᠤ | ᠠᠵᠢᠯ ᠢ ᠵᠣᠬᠢᠴᠠᠭᠤᠯᠤᠨ ᠠᠬᠢᠭᠤᠯᠤᠨ᠎ᠠ᠃ | ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —5200 3933 | ᠵᠢᠵᠢᠭᠦᠷ ᠤᠨ ᠤᠲᠠᠰᠤ᠄ 0474 —5216208 | ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 —18 : | 00 | ᠪᠠᠶᠢᠭᠤᠯᠭ᠎ᠠ ᠶᠢᠨ ᠬᠠᠶ᠋ᠢᠭ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠰᠢᠨ᠎ᠡ ᠲᠣᠭᠤᠷᠢᠭ ᠤᠨ | ᠵᠢᠶᠠᠨ ᠭᠦᠸᠧ ᠵᠠᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢᠭᠡᠴᠢ | ᠰᠢᠤᠳᠠᠨ ᠬᠠᠶᠢᠷᠴᠠᠭ᠄ szwqwfwj@163. com | ᠬᠠᠷᠢᠭᠤᠴᠠᠯᠭᠠᠲᠠᠨ᠄ ᠸᠠᠩ ᠽᠢ ᠶᠤᠸᠠᠨ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |