ᠳᠥᠷᠪᠡᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | | | ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄ | ( ᠨᠢᠭᠡ ) ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠢ | ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠨ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ | ᠱᠠᠯᠠᠪᠳᠠᠭᠤᠯᠤᠨ ᠵᠥᠪᠯᠡᠯ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠵᠡᠷᠭᠡ ᠶᠢ | ᠨᠠᠶᠢᠳᠠᠪᠤᠷᠢᠵᠢᠭᠤᠯᠤᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠠᠤᠯᠢ | ᠶᠣᠰᠣᠭᠠᠷ ᠬᠤᠰᠢᠭᠤ ᠪᠠᠨ ᠵᠠᠰᠠᠬᠤ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠰᠠᠨᠠᠭᠤᠯᠭ᠎ᠠ ᠳᠤᠷᠠᠳᠴᠤ᠂ | ᠬᠤᠰᠢᠭᠤ ᠨᠠᠮ ᠤᠨ ᠬᠤᠷᠢᠶᠠᠨ ᠤ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠭᠡᠷ ᠤᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ | ( ᠬᠤᠶᠠᠷ ) ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ | ᠲᠡᠭᠦᠨ ᠳᠤ ᠬᠢᠨᠠᠯᠲᠠ ᠲᠠᠯᠪᠢᠨ᠎ᠠ ;ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠲᠠᠢ ᠬᠢᠨᠠᠨ | ᠪᠠᠶᠢᠴᠠᠭᠠᠯᠲᠠ ᠶᠢ ᠬᠠᠷᠢᠭᠤᠴᠠᠨ᠎ᠠ ;ᠪᠦᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠬᠤ ᠪᠠ ᠬᠢᠨᠠᠯᠲᠠ | ᠲᠠᠯᠪᠢᠨ᠎ᠠ ;ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠬᠠᠤᠯᠢ ᠬᠡᠷᠡᠭᠵᠢᠭᠦᠯᠬᠦ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ᠎ᠠ᠃ | ( ᠭᠤᠷᠪᠠ ) ᠪᠦᠬᠦ ᠬᠤᠰᠢᠭᠤᠨ ᠤ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠪᠦᠬᠦ ᠬᠤᠰᠢᠭᠤᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠲᠥᠷᠥ ᠶᠢᠨ ᠠᠵᠢᠯᠲᠠᠨ ᠤ ᠬᠠᠤᠯᠢ ᠰᠤᠷᠴᠤ ᠬᠠᠤᠯᠢ ᠬᠡᠷᠡᠭᠯᠡᠬᠦ | ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ( ᠳᠥᠷᠪᠡ ) ᠠᠷᠠᠤᠨ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠪᠠ ᠲᠡᠭᠦᠨ ᠢ | ᠠᠬᠢᠭᠤᠯᠬᠤ ᠶᠢ ᠲᠦᠯᠬᠢᠨ ᠠᠬᠢᠭᠤᠯᠤᠨ᠎ᠠ᠃ᠪᠦᠬᠦ ᠬᠤᠰᠢᠭᠤᠨ ᠤ ᠬᠠᠤᠯᠢ ᠪᠠᠷ ᠵᠠᠰᠠᠬᠤ ᠪᠠ ᠬᠠᠤᠯᠢᠵᠢᠯ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ᠂ ᠠᠷᠠᠳ ᠤᠨ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ | ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ( ᠲᠠᠪᠤ ) ᠪᠦᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠪᠠ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ ;ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ | ᠠᠯᠪᠠᠨ ᠭᠡᠷᠡᠴᠢᠯᠡᠭᠡ ᠪᠣᠯᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠭᠠᠨ | ᠵᠢᠯᠣᠭᠤᠳᠴᠤ᠂ ᠬᠢᠨᠠᠯᠲᠠ ᠲᠠᠯᠪᠢᠵᠤ᠂ ᠬᠠᠮᠢᠶᠠᠷᠤᠨ᠎ᠠ᠃ | ( ᠵᠢᠷᠭᠤᠭ᠎ᠠ ) ᠪᠦᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠵᠢᠭᠠᠨ | ᠵᠢᠯᠣᠭᠤᠳᠬᠤ ᠪᠠ ᠬᠠᠮᠢᠶᠠᠷᠬᠤ ᠶᠢ ᠬᠠᠷᠢᠭᠤᠴᠠᠨ᠎ᠠ᠃ᠪᠦᠬᠦ ᠬᠤᠰᠢᠭᠤᠨ ᠤ ᠡᠷᠡᠭᠦᠦ ᠶᠢᠨ ᠬᠤᠭᠤᠴᠠᠭ᠎ᠠ ᠨᠢ | ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ | ( ᠳᠣᠯᠤᠭ᠎ᠠ ) ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠤᠷᠠᠭ ᠵᠠᠩᠭᠢᠴᠢᠯᠠᠯᠲᠠ ᠶᠢᠨ | ᠠᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | (ᠨᠠᠢᠮᠠ) ᠪᠦᠬᠦ ᠬᠤᠰᠢᠭᠤᠨ ᠤ ᠬᠠᠤᠯᠢᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠠᠵᠢᠯ ᠢ ᠲᠥᠯᠥᠪᠵᠢᠭᠦᠯᠦᠨ᠂ ᠵᠣᠬᠢᠴᠠᠭᠤᠯᠵᠤ᠂ ᠪᠦᠬᠦ ᠬᠤᠰᠢᠭᠤᠨ ᠤ ᠬᠠᠤᠯᠢ ᠴᠠᠭᠠᠵᠠ | ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠂ ᠬᠢᠨᠠᠯᠲᠠ ᠲᠠᠯᠪᠢᠨ᠎ᠠ᠃ | ( ᠶᠢᠰᠣ ) ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ᠂ | ᠦᠵᠡᠯ ᠤᠬᠠᠮᠰᠠᠷ ᠤᠨ ᠬᠡᠯᠪᠡᠷᠢ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠦᠵᠡᠯ ᠰᠠᠨᠠᠭᠠᠨ ᠤ | ᠠᠵᠢᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ | ( ᠠᠷᠪᠠ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ( ᠨᠢᠭᠡ ) ᠠᠯᠪᠠᠨ ᠭᠡᠷ᠂ ᠬᠠᠷᠢᠯᠴᠠᠬᠤ ᠤᠲᠠᠰᠤ᠄ 0474 ︱ 5202201 ᠲᠣᠪᠴᠢᠶᠠᠨ ᠤ | ᠪᠠᠶᠢᠭᠤᠯᠭ᠎ᠠ ᠶᠢᠨ ᠠᠵᠢᠯ ᠤᠨ ᠢᠯᠡᠳᠬᠡᠯ ᠪᠣᠯᠤᠨ ᠭᠤᠣᠯ ᠤᠳᠤᠷᠢᠳᠤᠯᠭ᠎ᠠ ᠶᠢᠨ ᠡᠯ᠎ᠡ ᠲᠥᠷᠥᠯ ᠤᠨ ᠪᠢᠴᠢᠭ | ᠬᠠᠷ᠎ᠠ ᠶᠢ ᠲᠤᠭᠤᠷᠪᠢᠬᠤ ᠶᠢ ᠬᠠᠷᠢᠭᠤᠴᠠᠨ᠎ᠠ ;ᠰᠣᠶᠣᠯ ᠴᠠᠬᠢᠯᠭᠠᠨ ᠮᠡᠳᠡᠭᠡ ᠬᠤᠷᠢᠶᠠᠨ ᠳᠠᠮᠵᠢᠭᠤᠯᠬᠤ ᠠᠵᠢᠯᠯᠠᠭ᠎ᠠ᠂ | ᠳᠠᠷᠤᠮᠠᠯᠯᠠᠬᠤ ᠠᠵᠢᠯ ᠤᠨ ᠬᠠᠮᠢᠶᠠᠷᠤᠯᠲᠠ᠂ ᠪᠢᠴᠢᠭ ᠬᠠᠷ᠎ᠠ ᠶᠢᠨ ᠳᠠᠩᠰᠠ ᠡᠪᠬᠡᠮᠡᠯ᠂ ᠨᠢᠭᠤᠴᠠ᠂ ᠨᠢᠭᠤᠴᠠ ᠶᠢ | ᠬᠠᠮᠠᠭᠠᠯᠠᠬᠤ᠂ ᠳᠣᠲᠣᠭᠠᠳᠤ ᠠᠵᠢᠯ ᠵᠡᠷᠭᠡ ᠠᠵᠢᠯ ᠢ ᠬᠠᠷᠢᠭᠤᠴᠠᠨ᠎ᠠ ;ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ ᠠᠵᠢᠯᠯᠠᠭ᠎ᠠ᠂ ᠬᠤᠷᠠᠯ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ | ( ᠬᠤᠶᠠᠷ ) ᠬᠠᠤᠯᠢ ᠳᠦᠷᠢᠮ ᠤᠨ ᠰᠲ᠋ᠣᠺ ᠬᠠᠤᠯᠢ ᠪᠠᠷ ᠬᠤᠰᠢᠭᠤ ᠪᠠᠨ ᠵᠠᠰᠠᠬᠤ ᠡᠳᠦᠷ ᠲᠤᠲᠤᠮ ᠤᠨ | ᠠᠵᠢᠯ ᠢ ᠬᠠᠷᠢᠭᠤᠴᠠᠨ᠎ᠠ ;ᠬᠤᠰᠢᠭᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ | ᠶᠠᠪᠤᠭᠤᠯᠬᠤ᠂ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠭᠠᠨ ᠵᠢᠯᠣᠭᠤᠳᠴᠤ | ᠬᠢᠨᠠᠯᠲᠠ ᠲᠠᠯᠪᠢᠨ᠎ᠠ ;ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ | ( ᠭᠤᠷᠪᠠ ) ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠠᠰᠤᠭ ᠪᠦᠬᠦ ᠬᠤᠰᠢᠭᠤᠨ ᠤ ᠬᠠᠤᠯᠢ | ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠡᠯ᠎ᠡ ᠰᠠᠯᠠᠭ᠎ᠠ ᠮᠥᠴᠢᠷ ᠢ ᠵᠢᠯᠣᠭᠤᠳᠤᠨ ᠬᠢᠨᠠᠯᠲᠠ ᠲᠠᠯᠪᠢᠵᠤ | ᠪᠠᠶᠢᠭᠠᠳ 《 ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ 》 ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ᠪᠦᠬᠦ ᠠᠷᠠᠳ ᠤᠨ ᠬᠠᠤᠯᠢ | ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ ᠲᠦᠯᠬᠢᠨ ᠠᠬᠢᠭᠤᠯᠬᠤ ᠬᠡᠷᠡᠭᠲᠡᠢ | ᠃ | ( ᠳᠥᠷᠪᠡ ) ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠮᠢᠶᠠᠷᠤᠯᠲᠠ ᠶᠢᠨ ᠲᠠᠰᠤᠭ ᠪᠦᠬᠦ ᠬᠤᠰᠢᠭᠤᠨ ᠤ | ᠨᠡᠶᠢᠭᠡᠮ ᠲᠣᠭᠤᠷᠢᠭ ᠲᠤ ᠵᠠᠯᠠᠷᠠᠭᠤᠯᠬᠤ ᠠᠵᠢᠯ ᠢ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ᠂ ᠬᠠᠮᠢᠶᠠᠷᠬᠤ᠂ | ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢ ᠬᠠᠷᠢᠭᠤᠴᠠᠨ᠎ᠠ᠃ | (ᠲᠠᠪᠤ) ᠬᠠᠤᠯᠢ ᠪᠠᠷ ᠵᠠᠰᠠᠬᠤ ᠬᠤᠪᠢ ᠣᠷᠣᠭᠤᠯᠤᠯᠲᠠ ᠳᠤ ᠠᠷᠠᠳ ᠲᠦᠮᠡᠨ ᠣᠷᠣᠯᠴᠠᠬᠤ ᠪᠠ ᠲᠡᠭᠦᠨ ᠢ | ᠠᠬᠢᠭᠤᠯᠤᠨ᠎ᠠ ᠪᠦᠬᠦ ᠬᠤᠰᠢᠭᠤᠨ ᠤ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ᠂ ᠲᠥᠪᠬᠢᠨᠡᠭᠦᠯᠬᠦ᠂ | ᠬᠠᠪᠰᠤᠷᠤᠨ ᠰᠤᠷᠭᠠᠬᠤ᠂ ᠠᠷᠠᠳ ᠤᠨ ᠡᠶᠡᠳᠡᠭᠦᠯᠭᠡ ᠬᠢᠬᠦ ᠵᠡᠷᠭᠡ ᠠᠵᠢᠯ ᠢ ᠬᠠᠷᠢᠭᠤᠴᠠᠨ᠎ᠠ᠃ | (ᠵᠢᠷᠭᠤᠭ᠎ᠠ) ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠪᠣᠯᠤᠨ ᠲᠠᠪᠴᠠᠩ ᠤᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ | ᠭᠡᠷᠡᠴᠢᠯᠡᠭᠡ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠠᠵᠢᠯ ᠢ ᠬᠠᠷᠢᠭᠤᠴᠠᠨ᠎ᠠ᠃ | ( ᠳᠣᠯᠤᠭ᠎ᠠ ) ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠷᠭᠤ ᠬᠦᠯᠢᠶᠡᠬᠦ ᠰᠲ᠋ᠣᠺ ᠪᠦᠬᠦ | ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠨ᠎ᠠ ;ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠶᠢᠨ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠨ᠎ᠠ ;ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠢ | ᠵᠥᠪᠰᠢᠶᠡᠷᠡᠬᠦ ᠦᠭᠡᠢ ᠠᠴᠠ ᠪᠣᠯᠵᠤ ᠵᠠᠰᠠᠭ ᠵᠠᠬᠢᠷᠭᠠᠨ ᠤ ᠵᠠᠷᠭᠤ ᠬᠢᠭᠰᠡᠨ ᠵᠠᠷᠭᠤ ᠬᠦᠯᠢᠶᠡᠨ ᠠᠪᠬᠤ ᠤᠴᠢᠷ | ᠶᠠᠪᠤᠳᠠᠯ ᠢ ᠭᠦᠢᠴᠡᠳᠬᠡᠨ᠎ᠡ᠃ | (ᠨᠠᠢᠮᠠ) ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠦᠨᠳᠦᠰᠦᠨ ᠱᠠᠲᠤᠨ ᠤ ᠵᠥᠷᠢᠴᠡᠯ | ᠵᠢᠭᠤᠷᠠᠯᠳᠤᠭᠠᠨ ᠢ ᠠᠷᠢᠯᠭᠠᠬᠤ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠢ ᠵᠠᠯᠠᠷᠠᠭᠤᠯᠬᠤ ᠬᠢᠭᠡᠳ | ᠲᠥᠪᠬᠢᠨᠡᠭᠦᠯᠵᠦ ᠬᠠᠪᠰᠤᠷᠤᠨ ᠬᠥᠮᠦᠵᠢᠭᠦᠯᠬᠦ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ᠂ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠵᠡᠷᠭᠡ ᠶᠡᠷᠦᠩᠬᠡᠶᠢᠯᠡᠭᠰᠡᠨ ᠡᠳᠦᠷ ᠳᠣᠳᠣᠮ ᠤᠨ ᠠᠵᠢᠯ ᠢ | ᠬᠠᠷᠢᠭᠤᠴᠠᠨ᠎ᠠ᠃ᠨᠡᠶᠢᠭᠡᠮ ᠤᠨ ᠠᠮᠤᠷ ᠢ ᠶᠡᠷᠦᠩᠬᠡᠶᠢᠯᠡᠨ ᠵᠠᠰᠠᠬᠤ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃ | ᠳᠡᠭᠡᠳᠦ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠠᠯᠪᠠᠯᠠᠬᠤ ᠬᠠᠶ᠋ᠢᠭ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠰᠢᠨ᠎ᠡ ᠲᠣᠭᠤᠷᠢᠭ ᠤᠨ ᠰᠡᠩᠭᠡ | ᠵᠡᠭᠡᠯᠢ ᠶᠢᠨ ᠵᠡᠭᠦᠨ ᠬᠡᠰᠡᠭ ( ᠬᠥᠭᠦᠷᠭᠡ ᠶᠢᠨ ᠵᠡᠭᠦᠨ ᠬᠡᠰᠡᠭ ) ᠲᠣᠮᠢᠯᠠᠬᠤ ᠴᠢᠭᠢᠶᠡᠲᠦᠷᠦᠦ | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 2᠄ 30—6᠄ 00 | ( ᠭᠠᠷᠠᠭ ᠤᠨ ᠨᠢᠭᠡᠨ᠋ᠡᠴᠡ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠨᠢ | ᠡᠭᠦᠨ ᠳᠤ ᠪᠠᠭᠲᠠᠬᠤ ᠦᠭᠡᠢ ) | ᠠᠯᠪᠠᠨ ᠭᠡᠷ ᠤᠨ ᠤᠲᠠᠰᠤ᠄ 0474 —5202201 | ᠰᠢᠤᠳᠠᠨ ᠨᠣᠮᠧᠷ᠄ 011800 | ᠰᠢᠤᠳᠠᠨ ᠬᠠᠶᠢᠷᠴᠠᠭ᠄ szwqsifaju@163. com | ᠬᠠᠷᠢᠭᠤᠴᠠᠯᠭᠠᠲᠠᠨ᠄ ᠭᠠᠩᠪᠠᠭᠠᠲᠤᠷ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |