ᠳᠥᠷᠪᠡᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | | | ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | ( ᠨᠢᠭᠡ ) ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ᠂ ᠬᠤᠷᠢᠭᠯᠠᠨ | ᠵᠣᠭᠰᠣᠭᠠᠬᠤ ᠪᠠ ᠲᠤᠷᠰᠢᠨ ᠪᠠᠶᠢᠴᠠᠭᠠᠨ᠎ᠠ ; | ( ᠬᠤᠶᠠᠷ ) ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠢ ᠬᠠᠮᠠᠭᠠᠯᠠᠨ᠂ ᠨᠡᠶᠢᠭᠡᠮ ᠤᠨ ᠠᠮᠤᠷ | ᠲᠦᠪᠰᠢᠨ ᠡᠮᠬᠢ ᠵᠢᠷᠤᠮ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢ ᠬᠤᠷᠢᠭᠯᠠᠨ ᠵᠣᠭᠰᠣᠭᠠᠨ᠎ᠠ ; | ( ᠭᠤᠷᠪᠠ ) ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠵᠢᠷᠤᠮ ᠢ | ᠬᠠᠮᠠᠭᠠᠯᠠᠨ᠂ ᠵᠠᠮ ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠬᠦ ; | ( ᠳᠥᠷᠪᠡ ) ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠬᠢᠵᠦ᠂ ᠭᠠᠯ ᠰᠡᠷᠭᠡᠶᠢᠯᠡᠨ | ᠤᠨᠲᠠᠷᠠᠭᠠᠬᠤ ᠠᠵᠢᠯ ᠳᠤ ᠬᠢᠨᠠᠯᠲᠠ ᠲᠠᠯᠪᠢᠨ᠎ᠠ ; | ( ᠲᠠᠪᠤ ) ᠫᠤᠤ ᠵᠡᠪᠰᠡᠭ ᠰᠤᠮᠤ ᠳᠠᠷᠢ ᠶᠢ ᠬᠠᠮᠢᠶᠠᠷᠴᠤ᠂ ᠬᠢᠲᠤᠭ᠎ᠠ ᠬᠡᠷᠡᠭᠰᠡᠯ ᠪᠣᠯᠤᠨ ᠰᠢᠲᠠᠮᠠᠲᠠᠭᠠᠢ | ᠳᠡᠯᠪᠡᠷᠡᠮᠡᠳᠡᠭᠡᠢ᠂ ᠶᠡᠭᠡ ᠬᠤᠣᠷᠲᠠᠢ᠂ ᠰᠠᠴᠤᠷᠠᠭ ᠴᠢᠨᠠᠷᠲᠠᠢ ᠵᠡᠷᠭᠡ ᠠᠶᠤᠯ ᠲᠠᠢ ᠡᠳ᠋ ᠪᠣᠳᠠᠰ ᠢ ᠬᠠᠮᠢᠶᠠᠷᠤᠨ᠎ᠠ ; | ( ᠵᠢᠷᠭᠤᠭ᠎ᠠ ) ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠣᠨᠴᠠᠭᠠᠢ ᠠᠵᠢᠯ ᠲᠥᠷᠥᠯ ᠢ | ᠬᠠᠮᠢᠶᠠᠷᠤᠨ᠎ᠠ ; | ( ᠳᠣᠯᠤᠭ᠎ᠠ ) ᠤᠯᠤᠰ ᠠᠴᠠ ᠲᠣᠭᠲᠠᠭᠠᠭᠰᠠᠨ ᠲᠤᠰᠬᠠᠢ ᠬᠥᠮᠦᠰ ᠢ ᠬᠠᠮᠠᠭᠠᠯᠠᠵᠤ᠂ ᠴᠢᠬᠤᠯᠠ ᠪᠦᠬᠦᠢ | ᠭᠠᠵᠠᠷ ᠪᠠ ᠲᠥᠬᠦᠭᠡᠷᠦᠮᠵᠢ ᠶᠢ ᠰᠠᠬᠢᠨ ᠬᠠᠮᠠᠭᠠᠯᠠᠨ᠎ᠠ ; | ( ᠨᠠᠢᠮᠠ ) ᠬᠤᠷᠠᠯ ᠴᠤᠭᠯᠠᠭ᠎ᠠ ᠬᠢᠬᠦ᠂ ᠵᠢᠭᠰᠡᠭᠠᠯ ᠶᠠᠪᠤᠭᠤᠯᠬᠤ᠂ ᠰᠦᠢᠷ ᠦᠵᠡᠭᠦᠯᠬᠦ ᠠᠵᠢᠯᠯᠠᠭ᠎ᠠ ᠶᠢ | ᠬᠠᠮᠢᠶᠠᠷᠤᠨ᠎ᠠ ; | ( ᠶᠢᠰᠤ ) ᠡᠷᠦᠬᠡ ᠠᠮᠠ ᠶᠢᠨ ᠶᠠᠪᠤᠳᠠᠯ᠂ ᠤᠯᠤᠰ ᠤᠨ ᠬᠠᠷᠢᠶ᠎ᠠ᠂ ᠬᠢᠯᠢ ᠪᠠᠷ ᠣᠷᠣᠵᠤ ᠭᠠᠷᠬᠤ ᠠᠵᠢᠯ | ᠶᠠᠪᠤᠳᠠᠯ ᠪᠠ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠭᠠᠳᠠᠭᠠᠳᠤ ᠶᠢᠨ ᠬᠥᠮᠦᠨ ᠤ ᠣᠷᠣᠰᠢᠨ ᠰᠠᠭᠤᠬᠤ᠂ | ᠵᠢᠭᠤᠯᠴᠢᠯᠠᠬᠤ ᠵᠡᠷᠭᠡ ᠬᠤᠯᠪᠣᠭᠳᠠᠯ ᠪᠦᠬᠦᠢ ᠬᠡᠷᠡᠭ ᠶᠠᠪᠤᠳᠠᠯ ᠢ ᠬᠠᠮᠢᠶᠠᠷᠤᠨ᠎ᠠ ; | ( ᠠᠷᠪᠠ ) ᠤᠯᠤᠰ ᠤᠨ ᠬᠢᠯᠢ ᠬᠢᠵᠠᠭᠠᠷ ᠣᠷᠣᠨ ᠤ ᠠᠮᠤᠷ ᠲᠦᠪᠰᠢᠨ ᠡᠮᠬᠢ ᠵᠢᠷᠤᠮ ᠢ ᠬᠠᠮᠠᠭᠠᠯᠠᠨ᠎ᠠ ; | ( ᠠᠷᠪᠠᠨ ᠨᠢᠭᠡ ) ᠬᠤᠷᠢᠵᠤ ᠬᠥᠳᠡᠯᠮᠦᠷᠢᠯᠡᠭᠦᠯᠬᠦ᠂ ᠤᠯᠤᠰ ᠲᠥᠷᠥ ᠶᠢᠨ ᠡᠷᠬᠡ ᠶᠢ ᠨᠢ ᠬᠠᠰᠤᠬᠤ ᠪᠠᠷ | ᠰᠢᠳᠬᠡᠭᠳᠡᠭᠰᠡᠨ ᠶᠠᠯᠠᠲᠤ ᠡᠲᠡᠭᠡᠳ ᠲᠤ ᠡᠷᠡᠭᠦᠦ ᠰᠢᠳᠬᠡᠯ ᠭᠦᠢᠴᠡᠳᠬᠡᠨ᠎ᠡ ; | ( ᠠᠷᠪᠠᠨ ᠬᠤᠶᠠᠷ ) ᠺᠣᠮᠫᠢᠦ᠋ᠲᠧᠷ ᠤᠨ ᠮᠡᠳᠡᠭᠡ ᠵᠠᠩᠭᠢ ᠶᠢᠨ ᠰᠢᠰᠲᠧᠮ ᠤᠨ ᠠᠶᠤᠯ ᠦᠭᠡᠢ ᠶᠢ | ᠬᠠᠮᠠᠭᠠᠯᠠᠬᠤ ᠠᠵᠢᠯ ᠢ ᠬᠢᠨᠠᠵᠤ ᠬᠠᠮᠢᠶᠠᠷᠤᠨ᠎ᠠ ; | ( ᠠᠷᠪᠠᠨ ᠭᠤᠷᠪᠠ ) ᠲᠥᠷᠥ ᠶᠢᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠵᠣᠬᠢᠶᠠᠨ ᠪᠠᠶᠢᠭᠤᠯᠤᠯᠲᠠ ᠪᠠ ᠭᠤᠣᠯᠳᠠᠯᠭ᠎ᠠ ᠪᠣᠯᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠠᠮᠤᠷ ᠢ ᠬᠠᠮᠠᠭᠠᠯᠠᠬᠤ ᠺᠣᠮᠢᠰ ᠵᠡᠷᠭᠡ ᠣᠯᠠᠨ | ᠲᠦᠮᠡᠨᠴᠢ ᠴᠢᠨᠠᠷᠲᠠᠢ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠵᠤ ᠠᠶᠤᠯ ᠢ ᠰᠡᠷᠭᠡᠶᠢᠯᠡᠬᠦ ᠠᠵᠢᠯ ᠢ | ᠵᠢᠯᠣᠭᠤᠳᠤᠨ᠎ᠠ ; | ( ᠠᠷᠪᠠᠨ ᠳᠥᠷᠪᠡ ) ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ | ᠬᠠᠷᠢᠭᠤᠴᠠᠯᠭ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ᠄ | (ᠨᠢᠭᠡ) ᠪᠠᠶᠢᠭᠤᠯᠭ᠎ᠠ ᠶᠢᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | (ᠬᠤᠶᠠᠷ) ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠰᠢᠢᠳᠪᠦᠷᠢ ᠶᠢ ᠲᠤᠤᠱᠯᠠᠭᠤᠯᠤᠨ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ ;ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠶᠢᠨ ᠨᠠᠮ ᠤᠨ ᠭᠡᠰᠢᠭᠦᠳ ᠲᠤ ᠰᠠᠬᠢᠯᠭ᠎ᠠ ᠪᠠᠲᠤ ᠶᠢ ᠰᠠᠬᠢᠬᠤ ᠬᠥᠮᠦᠵᠢᠯ ᠬᠢᠵᠦ᠂ | ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠬᠤ ᠲᠤᠬᠠᠢ ᠲᠣᠭᠲᠠᠭᠠᠯ ᠭᠠᠷᠭᠠᠨ᠎ᠠ᠃ | ( ᠭᠤᠷᠪᠠ ) ᠤᠯᠤᠰ ᠲᠥᠷᠥ ᠶᠢᠨ ᠠᠵᠢᠯ ᠤᠨ ᠠᠯᠪᠠᠨ ᠭᠡᠷ ᠪᠠᠶᠢᠭᠤᠯᠤᠮᠵᠢ ᠶᠢᠨ ᠣᠷᠣᠨ ᠲᠤᠭ᠎ᠠ᠂ | ᠴᠠᠭᠳᠠᠭ᠎ᠠ ᠶᠢᠨ ᠴᠣᠯᠠ ᠶᠢᠨ ᠬᠠᠮᠢᠶᠠᠷᠤᠯᠲᠠ ᠵᠢᠴᠢ ᠠᠷᠠᠳ ᠤᠨ ᠴᠠᠭᠳᠠᠭ᠎ᠠ ᠶᠢ ᠡᠯᠰᠡᠨ ᠬᠡᠷᠡᠭᠯᠡᠬᠦ᠂ ᠠᠵᠢᠯᠠ᠋ᠴᠠ ᠨᠢ | ᠪᠠᠭᠤᠯᠭᠠᠬᠤ ᠪᠠ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ | ᠪᠠᠶᠢᠭᠤᠯᠤᠯᠲᠠ ᠶᠢ ᠬᠠᠷᠢᠭᠤᠴᠠᠨ᠎ᠠ ;ᠺᠠᠳ᠋ᠷ ᠢ ᠲᠣᠮᠢᠯᠠᠬᠤ ᠪᠠ ᠪᠠᠭᠤᠯᠭᠠᠬᠤ᠂ ᠠᠵᠢᠯᠲᠠᠨ ᠢ ᠰᠢᠯᠵᠢᠭᠦᠯᠦᠨ | ᠲᠣᠬᠢᠷᠠᠭᠤᠯᠬᠤ᠂ ᠣᠨ ᠤ ᠬᠢᠨᠠᠨ ᠰᠢᠯᠭᠠᠯᠲᠠ᠂ ᠬᠥᠳᠡᠯᠮᠦᠷᠢ ᠶᠢᠨ ᠴᠠᠯᠢᠩ ᠠᠰᠠᠷᠠᠮᠵᠢ᠂ ᠳᠠᠭᠠᠳᠬᠠᠯ᠂ ᠲᠤᠰᠬᠠᠢ | ᠮᠡᠷᠭᠡᠵᠢᠯ ᠤᠨ ᠲᠤᠰᠢᠶᠠᠯ ᠤᠨ ᠴᠣᠯᠠ ᠬᠢᠨᠠᠨ ᠲᠣᠭᠲᠠᠭᠠᠬᠤ᠂ ᠠᠵᠢᠯᠴᠢᠨ ᠤ ᠵᠡᠷᠭᠡ ᠳᠡᠰ ᠢ ᠬᠢᠨᠠᠨ ᠰᠢᠯᠭᠠᠬᠤ ᠪᠠ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠬᠠᠮᠢᠶᠠᠷᠬᠤ ᠵᠡᠷᠭᠡ ᠠᠵᠢᠯ ᠢ ᠳᠠᠭᠠᠭᠠᠨ ᠠᠪᠴᠤ ᠭᠦᠢᠴᠡᠳᠬᠡᠨ᠎ᠡ ; | ᠠᠵᠢᠯᠠ᠋ᠴᠠ ᠪᠠᠨ ᠳᠠᠷᠬᠠᠯᠠᠭᠳᠠᠭᠰᠠᠨ ᠠᠵᠢᠯᠠ᠋ᠴᠠ ᠪᠠᠨ ᠠᠮᠠᠷᠠᠭᠰᠠᠨ ᠺᠠᠳ᠋ᠷ ᠤᠨ ᠦᠢᠯᠡᠴᠢᠯᠡᠭᠡ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ᠤᠬᠠᠭᠤᠯᠭ᠎ᠠ ᠰᠣᠨᠢᠨ ᠮᠡᠳᠡᠭᠡ᠂ ᠣᠶᠤᠨ ᠤ ᠪᠣᠯᠪᠠᠰᠤᠨ ᠤ ᠪᠠᠶᠢᠭᠤᠯᠤᠯᠲᠠ᠂ | ᠳᠣᠲᠣᠭᠠᠳᠤ ᠶᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ᠂ ᠴᠠᠭᠳᠠᠭ᠎ᠠ ᠶᠢᠨ ᠣᠯᠠᠨ ᠨᠡᠶᠢᠲᠡ ᠶᠢᠨ ᠬᠠᠷᠢᠴᠠᠭᠠᠨ ᠤ | ᠪᠠᠶᠢᠭᠤᠯᠤᠯᠲᠠ ᠪᠠ ᠪᠠᠶᠢᠩᠭᠤ ᠶᠢᠨ ᠴᠢᠨᠠᠷᠲᠠᠢ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠬᠠᠷᠢᠭᠤᠴᠠᠨ᠎ᠠ ; | ᠭᠠᠳᠠᠭᠠᠳᠤ ᠳᠤ ᠵᠣᠷᠢᠭᠤᠯᠤᠭᠰᠠᠨ ᠺᠢᠨᠣ ᠲᠧᠯᠸᠢᠰ ᠤᠨ ᠤᠬᠠᠭᠤᠯᠭ᠎ᠠ᠂ ᠲᠣᠣᠷ ᠰᠦᠯᠵᠢᠶ᠎ᠡ ᠬᠢᠭᠡᠳ ᠰᠣᠨᠢᠨ | ᠰᠡᠳᠬᠦᠯ ᠤᠨ ᠤᠬᠠᠭᠤᠯᠭ᠎ᠠ ᠮᠡᠳᠡᠭᠡᠯᠡᠯ ᠤᠨ ᠪᠠ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠳᠣᠲᠣᠭᠠᠳᠤ ᠶᠢᠨ | ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ᠃ | ( ᠳᠥᠷᠪᠡ ) ᠴᠠᠭᠳᠠᠭᠠᠨ ᠤ ᠶᠠᠪᠤᠳᠠᠯ ᠤᠨ ᠲᠤᠰᠠᠯᠠᠬᠤ ᠲᠥᠪ ᠴᠠᠭᠳᠠᠭᠠᠨ ᠤ ᠶᠠᠪᠤᠳᠠᠯ ᠤᠨ ᠲᠤᠰᠠᠯᠠᠭᠴᠢ | ᠬᠥᠮᠦᠰ ᠢ ᠬᠠᠷᠢᠭᠤᠴᠠᠨ ᠬᠠᠮᠢᠶᠠᠷᠤᠨ᠎ᠠ᠃ | ( ᠲᠠᠪᠤ ) ᠰᠢᠮᠳᠠᠭᠤᠯᠤᠨ ᠪᠠᠶᠢᠴᠠᠭᠠᠬᠤ ᠢᠲᠡᠭᠡᠮᠵᠢ ᠶᠢᠨ ᠶᠡᠭᠡ ᠠᠩᠭᠢ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠠᠤᠯᠢ | ᠬᠡᠷᠡᠭᠵᠢᠭᠦᠯᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠳᠣᠲᠣᠭᠠᠳᠤ ᠶᠢ ᠬᠠᠮᠠᠭᠠᠯᠠᠬᠤ ᠦᠢᠯᠡ | ᠠᠵᠢᠯᠯᠠᠭ᠎ᠠ ᠶᠢᠨ ᠬᠠᠤᠯᠢ ᠶᠣᠰᠣᠭᠠᠷ ᠭᠤᠣᠯᠴᠢ ᠪᠠᠶᠢᠬᠤ ᠶᠢ ᠬᠠᠮᠠᠭᠠᠯᠠᠵᠤ᠂ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠷᠠᠳ ᠣᠯᠠᠨ ᠤ ᠬᠠᠤᠯᠢ ᠶᠣᠰᠣᠭᠠᠷ ᠠᠮᠤᠷ ᠲᠦᠪᠰᠢᠨ ᠤ ᠪᠠᠲᠤᠯᠠᠭ᠎ᠠ ᠬᠦᠷᠲᠡᠬᠦ ᠶᠢ | ᠪᠠᠲᠤᠯᠠᠬᠤ ᠬᠡᠷᠡᠭᠲᠡᠢ᠃ | ( ᠵᠢᠷᠭᠤᠭ᠎ᠠ ) ᠬᠠᠤᠯᠢ ᠳᠦᠷᠢᠮ ᠤᠨ ᠶᠡᠭᠡ ᠠᠩᠭᠢ ᠲᠤᠰ ᠬᠠᠷᠢᠶ᠎ᠠ ᠣᠷᠣᠨ ᠤ ᠪᠠᠨ ᠳᠣᠲᠣᠭᠠᠳᠤ ᠶᠢ | ᠬᠠᠮᠠᠭᠠᠯᠠᠬᠤ ᠬᠠᠤᠯᠢ ᠳᠦᠷᠢᠮ ᠤᠨ ᠠᠵᠢᠯ ᠢ ᠬᠠᠷᠢᠭᠤᠴᠠᠨ ᠤᠳᠤᠷᠢᠳᠴᠤ᠂ ᠲᠤᠰ ᠬᠠᠷᠢᠶ᠎ᠠ ᠣᠷᠣᠨ ᠤ ᠪᠠᠨ | ᠳᠣᠲᠣᠭᠠᠳᠤ ᠶᠢ ᠬᠠᠮᠠᠭᠠᠯᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠲᠥᠯᠥᠪᠵᠢᠭᠦᠯᠵᠦ᠂ | ᠵᠣᠬᠢᠴᠠᠭᠤᠯᠤᠨ ᠲᠦᠯᠬᠢᠨ ᠠᠬᠢᠭᠤᠯᠤᠨ᠎ᠠ᠃ | (ᠳᠣᠯᠤᠭ᠎ᠠ) ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠬᠡᠷᠡᠭ ᠢ | ᠲᠥᠪᠯᠡᠷᠡᠭᠦᠯᠦᠨ ᠰᠢᠢᠳᠪᠦᠷᠢᠯᠡᠬᠦ ᠭᠠᠵᠠᠷ ᠣᠷᠣᠨ ᠨᠢ ᠡᠳᠦᠷ ᠳᠣᠳᠣᠮ ᠤᠨ ᠬᠠᠮᠠᠭᠠᠯᠠᠯᠲᠠ᠂ ᠪᠠᠲᠤᠯᠠᠭ᠎ᠠ ᠶᠢᠨ | ᠠᠵᠢᠯ ᠢ ᠬᠠᠷᠢᠭᠤᠴᠠᠨ᠎ᠠ᠃ | ( ᠨᠠᠢᠮᠠ ) ᠮᠡᠳᠡᠭᠡ ᠰᠡᠯᠲᠡ ᠵᠢᠯᠣᠭᠤᠳᠬᠤ ᠲᠥᠪ ᠡᠯ᠎ᠡ ᠲᠥᠷᠥᠯ ᠤᠨ ᠴᠠᠭᠳᠠᠭᠠᠨ ᠤ ᠪᠠᠶᠢᠳᠠᠯ ᠢ | ᠵᠢᠯᠣᠭᠤᠳᠤᠨ ᠲᠣᠬᠢᠷᠠᠭᠤᠯᠬᠤ ᠶᠢ ᠬᠠᠷᠢᠭᠤᠴᠠᠵᠤ᠂ ᠬᠦᠨᠳᠦ ᠶᠡᠭᠡ ᠭᠡᠨᠡᠳᠲᠡ ᠶᠢᠨ ᠬᠡᠷᠡᠭ (ᠬᠡᠷᠡᠭ) ᠢ | ᠵᠣᠬᠢᠴᠠᠭᠤᠯᠤᠨ ᠰᠢᠢᠳᠪᠦᠷᠢᠯᠡᠨ᠎ᠡ ;《 110 》 ᠤ ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ | ᠬᠢᠭᠡᠳ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠶᠢ ᠬᠠᠮᠲᠤᠷᠠᠨ ᠬᠥᠳᠡᠯᠦᠯᠴᠡᠬᠦ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠵᠤ᠂ ᠲᠤᠷᠰᠢᠨ ᠪᠠᠶᠢᠴᠠᠭᠠᠬᠤ ᠪᠣᠳᠠᠲᠤ ᠲᠡᠶᠢᠨ᠂ ᠠᠮᠤᠷ ᠢ ᠬᠠᠮᠠᠭᠠᠯᠠᠬᠤ ᠶᠢᠨ ᠰᠡᠷᠭᠡᠶᠢᠯᠡᠨ | ᠡᠵᠡᠮᠳᠡᠬᠦ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠥᠪ ᠢ ᠡᠳᠦᠷ ᠲᠤᠲᠤᠮ ᠤᠨ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠬᠡᠷᠡᠭᠲᠡᠢ᠃ | ( ᠶᠢᠰᠣ ) ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠶᠡᠭᠡ ᠠᠩᠭᠢ ᠳᠣᠲᠣᠭᠠᠳᠤ ᠶᠢ ᠬᠠᠮᠠᠭᠠᠯᠠᠬᠤ | ᠵᠠᠷᠤᠳᠠᠯ ᠤᠨ ᠪᠠᠲᠤᠯᠠᠭ᠎ᠠ᠂ ᠴᠠᠭᠳᠠᠭᠠᠨ ᠤ ᠲᠣᠨᠣᠭᠯᠠᠯ᠂ ᠤᠭᠰᠠᠷᠠᠭᠳᠠᠭᠰᠠᠨ ᠪᠠᠲᠤᠯᠠᠭ᠎ᠠ᠂ ᠡᠳ᠋ ᠬᠥᠷᠥᠩᠭᠡ ᠶᠢ | ᠱᠠᠲᠤ ᠬᠤᠪᠢᠶᠠᠨ ᠬᠠᠮᠢᠶᠠᠷᠬᠤ ᠵᠢᠴᠢ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ( ᠠᠷᠪᠠ ) ᠴᠠᠭᠳᠠᠭᠠᠨ ᠤ ᠶᠠᠪᠤᠳᠠᠯ ᠤᠨ ᠳᠡᠮᠵᠢᠯᠭᠡ ᠶᠢᠨ ᠶᠡᠭᠡ ᠠᠩᠭᠢ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠢᠶᠠᠷᠤᠯᠲᠠ᠂ ᠴᠢᠮᠡᠭᠡ ᠬᠤᠯᠪᠣᠭᠠᠨ ᠤ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ ᠲᠣᠮᠣ ᠲᠤᠭ᠎ᠠ | ᠪᠠᠷᠢᠮᠲᠠ ᠪᠠᠶᠢᠭᠤᠯᠬᠤ ᠶᠢ ᠬᠠᠷᠢᠭᠤᠴᠠᠨ᠎ᠠ᠃ | (ᠠᠷᠪᠠᠨ ᠨᠢᠭᠡ) ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠡᠷᠡᠭᠦᠦ ᠶᠢᠨ ᠬᠡᠷᠡᠭ ᠢ | ᠲᠤᠷᠰᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ( ᠠᠷᠪᠠᠨ ᠬᠤᠶᠠᠷ ) ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠨᠡᠶᠢᠭᠡᠮ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠢᠯᠣᠭᠤᠳᠬᠤ ᠪᠠ ᠲᠡᠭᠦᠨ ᠳᠤ ᠬᠢᠨᠠᠯᠲᠠ | ᠲᠠᠯᠪᠢᠬᠤ ᠶᠢ ᠬᠠᠷᠢᠭᠤᠴᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠵᠢᠷᠤᠮ ᠢ ᠬᠠᠷᠢᠭᠤᠴᠠᠨ ᠬᠠᠮᠠᠭᠠᠯᠠᠵᠤ᠂ | ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠢᠯᠡᠷᠡᠭᠦᠯᠵᠦ᠂ ᠬᠤᠷᠢᠭᠯᠠᠨ ᠵᠣᠭᠰᠣᠭᠠᠨ᠎ᠠ ; | ᠡᠷᠦᠬᠡ ᠠᠮᠠ ᠶᠢᠨ ᠳᠠᠩᠰᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ ;ᠬᠠᠷᠢᠶ᠎ᠠ ᠣᠷᠣᠨ ᠤ ᠪᠠᠨ ᠲᠣᠮᠢᠯᠠᠭᠰᠠᠨ | ᠰᠠᠯᠪᠤᠷᠢ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ | ( ᠠᠷᠪᠠᠨ ᠭᠤᠷᠪᠠ ) ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ | ᠶᠠᠯᠠᠲᠤ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠢᠳᠡᠭᠡᠨ᠂ ᠡᠮ ᠤᠨ ᠵᠦᠢᠯ᠂ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠲᠠᠩᠨᠠᠨ ᠢᠯᠡᠷᠡᠭᠦᠯᠬᠦ ᠠᠵᠢᠯ ᠢ ᠬᠠᠷᠢᠭᠤᠴᠠᠨ᠎ᠠ᠃ | ( ᠠᠷᠪᠠᠨ ᠳᠥᠷᠪᠡ ) ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠣᠭᠤᠷᠢᠨ ᠴᠠᠭᠳᠠᠬᠤ ᠴᠠᠭᠳᠠᠭ᠎ᠠ ᠶᠢᠨ | ᠶᠡᠭᠡ ᠠᠩᠭᠢ ᠬᠤᠲᠠ ᠶᠢᠨ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠤ ᠲᠣᠭᠤᠷᠢᠨ ᠴᠠᠭᠳᠠᠬᠤ ᠶᠢ | ᠬᠠᠷᠢᠭᠤᠴᠠᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠵᠡᠭᠡᠯᠢ ᠭᠤᠳᠤᠮᠵᠢ ᠶᠢᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ ;ᠨᠡᠶᠢᠭᠡᠮ ᠤᠨ ᠤᠯᠤᠰ | ᠲᠥᠷᠥ ᠶᠢᠨ ᠲᠣᠭᠲᠠᠭᠤᠨ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠬᠤ ᠰᠦᠷᠳᠡᠭᠦᠯᠦᠯ ᠤᠨ ᠮᠡᠳᠡᠭᠡ ᠵᠠᠩᠭᠢ ᠶᠢᠨ | ᠮᠡᠳᠡᠭᠡ ᠵᠠᠩᠭᠢ ᠶᠢ ᠴᠤᠭᠯᠠᠭᠤᠯᠬᠤ ᠶᠢ ᠬᠠᠷᠢᠭᠤᠴᠠᠨ᠎ᠠ ;ᠰᠦᠷᠳᠡᠭᠦᠯᠦᠭᠴᠢ ᠡᠲᠡᠭᠡᠳ ᠤᠨ ᠡᠪᠳᠡᠯᠡᠭᠡ ᠲᠦᠢᠪᠡᠭᠡᠯᠭᠡ | ᠬᠢᠬᠦ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠶᠢ ᠬᠠᠷᠢᠭᠤᠴᠠᠨ᠎ᠠ᠃ | (ᠠᠷᠪᠠᠨ ᠲᠠᠪᠤ) ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ | ᠠᠵᠤ ᠠᠬᠤᠢ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ( ᠠᠷᠪᠠᠨ ᠵᠢᠷᠭᠤᠭ᠎ᠠ ) ᠬᠤᠣᠷ ᠴᠠᠭᠠᠵᠠᠯᠠᠬᠤ ᠶᠡᠭᠡ ᠠᠩᠭᠢ ᠬᠤᠣᠷᠲᠤ ᠡᠳ᠋ ᠤᠨ ᠬᠠᠤᠯᠢ ᠠᠴᠠ | ᠵᠥᠷᠢᠴᠡᠭᠰᠡᠨ ᠶᠠᠯᠠᠲᠤ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ | ᠬᠤᠣᠷ ᠲᠠᠲᠠᠬᠤ ᠶᠢ ᠵᠣᠭᠰᠣᠭᠠᠬᠤ ᠠᠵᠢᠯ ᠢ ᠬᠠᠷᠢᠭᠤᠴᠠᠵᠤ᠂ ᠬᠠᠤᠯᠢ ᠲᠣᠭᠲᠠᠭᠠᠯ ᠠᠴᠠ ᠵᠥᠷᠢᠴᠡᠨ | ᠦᠢᠯᠡᠳᠪᠦᠷᠢᠯᠡᠭᠰᠡᠨ᠂ ᠡᠵᠡᠩᠨᠡᠭᠰᠡᠨ᠂ ᠬᠡᠷᠡᠭᠯᠡᠭᠰᠡᠨ᠂ ᠲᠡᠭᠡᠭᠡᠪᠦᠷᠢᠯᠡᠬᠦ ᠳᠤ ᠠᠮᠠᠷᠬᠠᠨ ᠬᠤᠣᠷᠲᠤ ᠡᠳ᠋ ᠦᠢᠯᠡᠳᠬᠦ | ᠣᠨᠴᠣᠭᠤᠢ ᠬᠢᠮᠢ ᠶᠢᠨ ᠡᠳ᠋ ᠦᠢᠯᠡᠳᠪᠦᠷᠢᠯᠡᠭᠰᠡᠨ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | ( ᠠᠷᠪᠠᠨ ᠳᠣᠯᠤᠭ᠎ᠠ ) ᠰᠠᠬᠢᠨ ᠬᠠᠷᠠᠬᠤ ᠭᠠᠵᠠᠷ ᠬᠤᠷᠢᠭᠳᠠᠵᠤ ᠪᠠᠶᠢᠭ᠎ᠠ ᠬᠥᠮᠦᠰ ᠲᠤ ᠬᠠᠷᠠᠵᠤ ᠬᠤᠷᠢᠬᠤ | ᠂ ᠰᠤᠷᠭᠠᠨ ᠬᠥᠮᠦᠵᠢᠯ᠂ ᠬᠠᠷᠠᠵᠤ ᠬᠦᠷᠭᠡᠬᠦ᠂ ᠠᠵᠢᠯ ᠲᠣᠬᠢᠷᠠᠭᠤᠯᠬᠤ᠂ ᠡᠳᠦᠷ ᠬᠢᠭᠡᠳ ᠡᠷᠡᠭᠦᠯ ᠬᠠᠮᠠᠭᠠᠯᠠᠯ ᠤᠨ | ᠭᠠᠷᠳᠠᠮ ᠭᠦᠢᠴᠡᠳᠬᠡᠬᠦ᠂ ᠠᠪᠴᠤ ᠶᠠᠪᠤᠭ᠎ᠠ ᠡᠳ᠋ ᠪᠠᠷᠠᠭ᠎ᠠ ᠪᠠᠶᠢᠴᠠᠭᠠᠬᠤ᠂ ᠲᠤᠰᠢᠶᠠᠵᠤ ᠪᠠᠶᠢᠭ᠎ᠠ ᠵᠠᠬᠢᠳᠠᠯ ᠴᠢᠮᠡᠭᠡ ᠶᠢ | ᠪᠠᠶᠢᠴᠠᠭᠠᠨ ᠦᠵᠡᠬᠦ᠂ ᠬᠢᠨᠠᠯᠲᠠ ᠲᠠᠯᠪᠢᠬᠤ ᠵᠡᠷᠭᠡ ᠠᠵᠢᠯ ᠬᠢᠬᠦ ᠶᠢ ᠬᠠᠷᠢᠭᠤᠴᠠᠨ᠎ᠠ᠃ | ( ᠠᠷᠪᠠᠨ ᠨᠠᠢᠮᠠ ) ᠲᠦᠷ ᠬᠤᠷᠢᠬᠤ ᠭᠠᠵᠠᠷ ᠳᠦᠷᠢ ᠬᠤᠷᠢᠬᠤ ᠬᠥᠮᠦᠰ ᠢ ᠬᠠᠷᠠᠵᠤ ᠬᠠᠷᠠᠭᠠᠯᠵᠠᠬᠤ᠂ | ᠬᠥᠮᠦᠵᠢᠭᠦᠯᠬᠦ᠂ ᠠᠵᠢᠯ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ | (ᠠᠷᠪᠠ ᠶᠢᠰᠣ) ᠡᠯ᠎ᠡ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠴᠢᠶᠣᠤ ᠳ᠋ᠦ᠋ᠩ ᠲᠣᠮᠢᠯᠠᠭᠰᠠᠨ | ᠰᠠᠯᠪᠤᠷᠢ᠂ ᠴᠢᠶᠣᠤ ᠰᠢ ᠲᠣᠮᠢᠯᠠᠭᠰᠠᠨ ᠰᠠᠯᠪᠤᠷᠢ᠂ ᠰᠢᠨ ᠵᠢᠶᠠᠨ ᠲᠣᠮᠢᠯᠠᠭᠰᠠᠨ ᠰᠠᠯᠪᠤᠷᠢ᠂ ᠪᠠᠶᠠᠨᠴᠣᠭᠲᠤ | ᠲᠣᠮᠢᠯᠠᠭᠰᠠᠨ ᠰᠠᠯᠪᠤᠷᠢ᠂ ᠶᠡᠭᠡ ᠲᠦᠷᠭᠡᠨ ᠭᠤᠣᠯ ᠤᠨ ᠲᠣᠮᠢᠯᠠᠭᠰᠠᠨ ᠰᠠᠯᠪᠤᠷᠢ᠂ ᠬᠠᠩᠭᠠᠭᠴᠢ ᠶᠢᠨ ᠲᠣᠮᠢᠯᠠᠭᠰᠠᠨ | ᠰᠠᠯᠪᠤᠷᠢ᠂ ᠳ᠋ᠦ᠋ᠩ ᠪᠠ ᠳ᠋ᠢᠶᠠᠨ ᠤ ᠲᠣᠮᠢᠯᠠᠭᠰᠠᠨ ᠰᠠᠯᠪᠤᠷᠢ᠂ ᠳ᠋ᠠ ᠵᠢᠩ ᠫᠦᠸᠧ ᠲᠣᠮᠢᠯᠠᠭᠰᠠᠨ ᠰᠠᠯᠪᠤᠷᠢ᠂ ᠾᠦᠸᠧ | ᠹᠦ ᠲᠠᠨ ᠲᠣᠮᠢᠯᠠᠭᠰᠠᠨ ᠰᠠᠯᠪᠤᠷᠢ᠂ ᠬᠦᠷᠢᠶᠡᠲᠦ ᠲᠣᠮᠢᠯᠠᠭᠰᠠᠨ ᠰᠠᠯᠪᠤᠷᠢ᠂ ᠰᠢ ᠾᠧ ᠽᠢ ᠲᠣᠮᠢᠯᠠᠭᠰᠠᠨ ᠰᠠᠯᠪᠤᠷᠢ᠂ | ᠵᠢᠢ ᠱᠧᠩ ᠲᠠᠢ ᠲᠣᠮᠢᠯᠠᠭᠰᠠᠨ ᠰᠠᠯᠪᠤᠷᠢ᠂ ᠵᠡᠭᠦᠨᠲᠡᠢ ᠲᠣᠮᠢᠯᠠᠭᠰᠠᠨ ᠰᠠᠯᠪᠤᠷᠢ᠂ ᠪᠠᠶᠠᠨᠬᠤᠸᠠ ᠶᠢᠨ ᠲᠣᠮᠢᠯᠠᠭᠰᠠᠨ | ᠰᠠᠯᠪᠤᠷᠢ᠂ ᠴᠠᠭᠠᠨ ᠣᠪᠣᠭ᠎ᠠ ᠲᠣᠮᠢᠯᠠᠭᠰᠠᠨ ᠰᠠᠯᠪᠤᠷᠢ᠂ ᠴᠠᠭᠠᠨ ᠪᠤᠯᠠᠭ ᠲᠣᠮᠢᠯᠠᠭᠰᠠᠨ ᠰᠠᠯᠪᠤᠷᠢ ᠶᠢᠨ ᠠᠷᠪᠠᠨ | ᠳᠣᠯᠣᠭᠠᠨ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠵᠡᠷᠭᠡ ᠪᠠᠶᠢᠨ᠎ᠠ᠃ | ᠡᠷᠦᠬᠡ ᠠᠮᠠ ᠶᠢᠨ ᠳᠠᠩᠰᠠ ᠲᠠᠢ ᠬᠥᠮᠦᠨ ᠠᠮᠠ ᠪᠣᠯᠤᠨ ᠶᠠᠪᠤᠭᠤᠯ ᠬᠥᠮᠦᠨ ᠠᠮᠠ᠂ ᠲᠦᠷᠢᠶᠡᠰᠦᠯᠡᠭᠦᠯᠵᠦ | ᠪᠠᠶᠢᠭ᠎ᠠ ᠭᠡᠷ ᠪᠠᠶᠢᠰᠢᠩ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠨᠡᠶᠢᠭᠡᠮ ᠲᠣᠭᠤᠷᠢᠭ ᠤᠨ ᠠᠮᠤᠷ | ᠲᠦᠪᠰᠢᠨ ᠤ ᠰᠡᠷᠭᠡᠶᠢᠯᠡᠯᠲᠡ ᠶᠢ ᠥᠷᠨᠢᠭᠦᠯᠦᠨ᠂ ᠡᠯ᠎ᠡ ᠲᠥᠷᠥᠯ ᠤᠨ ᠡᠷᠡᠭᠦᠦ ᠶᠢᠨ ᠬᠡᠷᠡᠭ᠂ ᠠᠮᠤᠷ ᠲᠦᠪᠰᠢᠨ ᠤ | ᠬᠡᠷᠡᠭ ᠪᠣᠯᠤᠨ ᠠᠮᠤᠷ ᠲᠦᠪᠰᠢᠨ ᠤ ᠭᠠᠢ ᠭᠠᠮᠰᠢᠭ ᠤᠨ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ᠭᠠᠵᠠᠷ | ᠲᠠᠯᠠᠪᠤᠷ᠂ ᠣᠨᠴᠠ ᠦᠢᠯᠡᠰ ᠵᠢᠴᠢ ᠡᠳ᠋ ᠪᠣᠳᠠᠰ ᠤᠨ ᠬᠠᠮᠢᠶᠠᠷᠤᠯᠲᠠ ᠶᠢ ᠴᠢᠩᠳᠠᠯᠠᠨ᠎ᠠ᠃ᠠᠮᠤᠷ ᠲᠦᠪᠰᠢᠨ ᠤ | ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠢᠯᠲᠠᠭᠠᠨ ᠦᠷ᠎ᠡ ᠶᠢᠨ ᠬᠠᠷᠢᠴᠠᠭ᠎ᠠ ᠨᠢ ᠲᠣᠳᠣᠷᠬᠠᠢ᠂ | ᠬᠡᠷᠡᠭ ᠤᠨ ᠪᠠᠶᠢᠳᠠᠯ ᠨᠢ ᠳᠥᠭᠦᠮ ᠡᠷᠡᠭᠦᠦ ᠶᠢᠨ ᠬᠡᠷᠡᠭ ᠢ ᠰᠢᠢᠳᠪᠦᠷᠢᠯᠡᠨ᠎ᠡ᠃ᠲᠦᠭᠰᠢᠭᠦᠷᠢ ᠮᠡᠳᠡᠭᠦᠯᠦᠭᠰᠡᠨ ᠢ | ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠥᠷᠨᠢᠭᠦᠯᠦᠨ᠂ ᠬᠠᠷᠢᠶ᠎ᠠ ᠣᠷᠣᠨ ᠤ ᠳᠣᠲᠣᠷᠠᠬᠢ ᠨᠠᠮ ᠵᠠᠰᠠᠭ ᠤᠨ | ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ ᠪᠣᠯᠤᠨ ᠪᠤᠰᠤᠳ ᠴᠢᠬᠤᠯᠠ | ᠪᠦᠬᠦᠢ ᠰᠠᠯᠠᠭ᠎ᠠ ᠮᠥᠴᠢᠷ ᠤᠨ ᠠᠶᠤᠯ ᠥᠬᠡᠢ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ᠂ ᠵᠢᠯᠣᠭᠤᠳᠤᠨ᠂ | ᠵᠣᠬᠢᠴᠠᠭᠤᠯᠤᠨ᠎ᠠ᠃ᠦᠨᠳᠦᠰᠦᠨ ᠱᠠᠲᠤᠨ ᠤ ᠠᠮᠤᠷ ᠢ ᠬᠠᠮᠠᠭᠠᠯᠠᠬᠤ ᠺᠣᠮᠢᠰ ᠤᠨ ᠠᠵᠢᠯ ᠢ ᠵᠢᠯᠣᠭᠤᠳᠴᠤ᠂ | ᠬᠠᠤᠯᠢ ᠠᠴᠠ ᠵᠥᠷᠢᠴᠡᠭᠰᠡᠨ ᠪᠠ ᠬᠥᠩᠭᠡᠪᠲᠦᠷ ᠶᠠᠯᠠᠲᠤ ᠠᠵᠢᠯᠯᠠᠭ᠎ᠠ ᠲᠠᠢ ᠬᠥᠮᠦᠨ ᠢ ᠬᠠᠪᠰᠤᠷᠤᠨ ᠬᠥᠮᠦᠵᠢᠭᠦᠯᠵᠦ᠂ | ᠣᠯᠠᠨ ᠲᠦᠮᠡᠨ ᠳᠤ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠬᠢᠵᠦ᠂ ᠴᠠᠭᠳᠠᠭ᠎ᠠ ᠠᠷᠠᠳ ᠬᠠᠮᠲᠤ ᠪᠠᠷ | ᠪᠠᠶᠢᠭᠤᠯᠬᠤ ᠠᠵᠢᠯᠯᠠᠭ᠎ᠠ ᠥᠷᠨᠢᠭᠦᠯᠦᠨ᠎ᠡ᠃ | ᠠᠵᠢᠯᠯᠠᠬᠤ ᠭᠠᠵᠠᠷ᠄ ᠳᠥᠷᠪᠡᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 —18 | : 00 | ᠠᠯᠪᠠᠨ ᠭᠡᠷ ᠤᠨ ᠤᠲᠠᠰᠤ᠄ 0474 —5202844 | ᠰᠢᠤᠳᠠᠨ ᠨᠣᠮᠧᠷ᠄ 011800 | ᠬᠠᠷᠢᠭᠤᠴᠠᠯᠭᠠᠲᠠᠨ᠄ ᠾᠧ ᠶᠦᠩ ᠴᠢᠩ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |