ᠳᠥᠷᠪᠡᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | | | ᠳᠥᠷᠪᠡᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ | ᠳᠡᠰ ᠪᠣᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ | ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ | ᠬᠤᠰᠢᠭᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠴᠢᠮ | ᠪᠠᠶᠢᠳᠠᠯ ᠢ ᠠᠷᠭᠠᠴᠠᠬᠤ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠪᠣᠯ ᠭᠤᠣᠯ ᠡᠭᠦᠷᠭᠡ ᠬᠠᠷᠢᠭᠤᠴᠠᠯᠭ᠎ᠠ ᠨᠢ᠄ | ( ᠨᠢᠭᠡ ) ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠶᠤᠯ ᠥᠬᠡᠢ ᠦᠢᠯᠡᠳᠪᠦᠷᠢᠯᠡᠯ ᠤᠨ | ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠪᠠ ᠭᠠᠮᠰᠢᠭ ᠢ ᠶᠡᠷᠦᠩᠬᠡᠶᠢᠯᠡᠨ | ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ᠋/ᠠ᠋ᠴᠠ ᠠᠪᠤᠷᠠᠬᠤ ᠠᠵᠢᠯ ᠢ ᠵᠢᠯᠣᠭᠤᠳᠤᠨ᠎ᠠ᠃ᠠᠶᠤᠯ ᠥᠬᠡᠢ | ᠦᠢᠯᠡᠳᠪᠦᠷᠢᠯᠡᠯ ᠳᠤ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠂ ᠬᠤᠯᠪᠣᠭᠳᠠᠯ | ᠪᠦᠬᠦᠢ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ ᠥᠬᠡᠢ | ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ( ᠬᠤᠶᠠᠷ ) ᠲᠤᠰ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ᠂ | ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠲᠤᠰ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠠᠯ᠎ᠠ ᠶᠢᠨ ᠳᠦᠷᠢᠮ ᠲᠣᠭᠲᠠᠭᠠᠯ ᠤᠨ ᠲᠥᠰᠦᠯ᠂ ᠳᠦᠷᠢᠮᠵᠢᠭᠰᠡᠨ ᠪᠢᠴᠢᠭ | ᠮᠠᠲ᠋ᠧᠷᠢᠶᠠᠯ ᠢ ᠲᠤᠭᠤᠷᠪᠢᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠵᠦ᠂ ᠲᠤᠰ ᠬᠤᠰᠢᠭᠤᠨ ᠤ ᠬᠠᠮᠢᠶ᠎ᠠ ᠪᠦᠬᠦᠢ ᠵᠢᠷᠤᠮᠵᠢᠯ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ | ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ( ᠭᠤᠷᠪᠠ ) ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠣᠭᠤᠳᠤᠨ᠂ ᠤᠯᠤᠰ ᠤᠨ ᠠᠳᠠᠯ ᠤᠨ ᠭᠠᠢ ᠭᠠᠮᠰᠢᠭ ᠪᠠ ᠪᠠᠶᠢᠭᠠᠯᠢ ᠶᠢᠨ ᠭᠠᠮᠰᠢᠭ ᠢ ᠳᠡᠰ | ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠦᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ | ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯᠠ᠋ᠴᠠ ᠵᠠᠶᠢᠯᠠᠬᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ( ᠳᠥᠷᠪᠡ ) ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠰᠢᠭᠤ ᠱᠠᠲᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠵᠣᠬᠢᠶᠠᠨ ᠪᠠᠶᠢᠭᠤᠯᠤᠨ ᠪᠠᠶᠢᠭᠤᠯᠵᠤ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ | ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ ᠲᠣᠭᠲᠠᠴᠠ ᠶᠢ | ᠪᠦᠷᠢᠨᠰᠢᠭᠦᠯᠦᠨ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠤᠨ | ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ | ( ᠲᠠᠪᠤ ) ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ | ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠬᠦᠨᠳᠦ ᠶᠡᠭᠡ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ | ᠠᠵᠢᠯ ᠢ ᠡᠭᠦᠷᠭᠡᠯᠡᠨ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ | ᠮᠠᠭᠠᠳᠯᠠᠵᠤ᠂ ᠠᠷᠭᠠᠴᠠᠬᠤ ᠰᠠᠨᠠᠭᠤᠯᠭ᠎ᠠ ᠳᠤᠷᠠᠳᠤᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢ | ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ( ᠵᠢᠷᠭᠤᠭ᠎ᠠ )ᠡᠷᠬᠡ ᠮᠠᠲᠠᠯ ᠤᠨ ᠬᠡᠪᠴᠢᠶ᠎ᠡ ᠶᠣᠰᠣᠭᠠᠷ ᠪᠦᠬᠦ ᠬᠤᠰᠢᠭᠤᠨ ᠤ ᠡᠯ᠎ᠡ ᠲᠥᠷᠥᠯ ᠤᠨ ᠪᠠᠴᠢᠮ | ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠦᠬᠦ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠵᠣᠬᠢᠴᠠᠭᠤᠯᠭ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ | ᠵᠢᠯᠣᠭᠤᠳᠬᠤ ᠲᠠᠪᠴᠠᠩ ᠢ ᠵᠣᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠳᠤ | ᠣᠷᠣᠯᠴᠠᠭᠤᠯᠤᠨ᠎ᠠ᠃ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠪᠠ ᠡᠷᠬᠡ | ᠮᠠᠲᠠᠯ ᠤᠨ ᠬᠡᠪᠴᠢᠶ᠎ᠡ ᠶᠣᠰᠣᠭᠠᠷ ᠭᠠᠯ ᠤᠨᠲᠠᠷᠠᠭᠠᠬᠤ᠂ ᠣᠢ ᠰᠢᠭᠤᠢ ᠪᠠ ᠲᠠᠯ᠎ᠠ ᠨᠤᠲᠤᠭ ᠤᠨ ᠭᠠᠯ ᠤᠨ ᠭᠠᠮᠰᠢᠭ ᠢ | ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯᠠ᠋ᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ | ᠭᠠᠢ ᠭᠠᠮᠰᠢᠭ᠋/ᠠ᠋ᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯᠡᠴᠡ ᠠᠪᠤᠷᠠᠨ | ᠲᠤᠰᠠᠯᠠᠬᠤ ᠵᠡᠷᠭᠡ ᠲᠤᠰᠬᠠᠢ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ᠂ ᠡᠯ᠎ᠡ ᠭᠠᠵᠠᠷ ᠵᠢᠴᠢ ᠨᠡᠶᠢᠭᠡᠮ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠠᠬᠢᠭᠤᠯᠤᠨ᠎ᠠ᠃ | ( ᠳᠣᠯᠤᠭ᠎ᠠ )ᠡᠷᠬᠡ ᠮᠠᠲᠠᠯ ᠤᠨ ᠬᠡᠪᠴᠢᠶ᠎ᠡ ᠶᠣᠰᠣᠭᠠᠷ ᠪᠦᠬᠦ ᠬᠤᠰᠢᠭᠤᠨ ᠤ ᠭᠠᠯ ᠤᠨᠲᠠᠷᠠᠭᠠᠬᠤ ᠬᠢᠨᠠᠯᠲᠠ | ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ ᠠᠶᠤᠯᠠ᠋ᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ | ᠵᠢᠯᠣᠭᠤᠳᠤᠨ᠎ᠠ᠃ | ( ᠨᠠᠢᠮᠠ ) ᠪᠦᠬᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠤᠰᠤ | ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠢ ᠭᠠᠮᠰᠢᠭ ᠵᠡᠷᠭᠡ ᠰᠡᠷᠭᠡᠶᠢᠯᠡᠨ ᠵᠠᠰᠠᠬᠤ | ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ | ᠬᠡᠮᠵᠢᠵᠦ ᠤᠷᠢᠳᠴᠢᠯᠠᠨ ᠰᠡᠷᠭᠡᠶᠢᠯᠡᠬᠦ ᠶᠢ ᠬᠠᠷᠢᠭᠤᠴᠠᠨ᠂ ᠪᠦᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ | ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ( ᠶᠢᠰᠤ ) ᠭᠠᠮᠰᠢᠭ᠋/ᠠ᠋ᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ | ᠭᠠᠮᠰᠢᠭ᠋/ᠠ᠋ᠴᠠ ᠠᠪᠤᠷᠠᠨ ᠲᠤᠰᠠᠯᠠᠬᠤ᠂ ᠲᠤᠰᠠᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠥᠪ | ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤᠨ ᠤ ᠭᠠᠮᠰᠢᠭ᠋/ᠠ᠋ᠴᠠ ᠠᠪᠤᠷᠠᠬᠤ ᠵᠣᠭᠤᠰ ᠮᠥᠩᠭᠦ ᠡᠳ᠋ | ᠪᠣᠳᠠᠰ ᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ᠂ ᠬᠢᠨᠠᠨ ᠬᠡᠷᠡᠭᠯᠡᠨ᠎ᠡ᠃ | (ᠠᠷᠪᠠ ) ᠲᠤᠰ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ | ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠬᠤᠰᠢᠭᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠠ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ ᠬᠢᠨᠠᠯᠲᠠ ᠲᠠᠯᠪᠢᠨ ᠪᠠᠶᠢᠴᠠᠭᠠᠵᠤ᠂ ᠠᠶᠤᠯᠭᠦᠢ | ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ( ᠠᠷᠪᠠᠨ ᠨᠢᠭᠡ ) ᠱᠠᠲᠤ ᠬᠤᠪᠢᠶᠠᠬᠤ᠂ ᠬᠠᠷᠢᠶ᠎ᠠ ᠭᠠᠵᠠᠷ ᠲᠤᠨᠢ ᠬᠠᠷᠢᠶᠠᠯᠠᠭᠳᠠᠬᠤ ᠵᠠᠷᠴᠢᠮ ᠤᠨ ᠶᠣᠰᠣᠭᠠᠷ | ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ | ᠥᠬᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ | ᠪᠠᠶᠢᠳᠠᠯ ᠵᠢᠴᠢ ᠠᠶᠤᠯ ᠥᠬᠡᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ( | ᠣᠨᠴᠣᠭᠤᠢ ᠲᠥᠬᠦᠭᠡᠷᠦᠮᠵᠢ ᠪᠠᠭᠲᠠᠬᠤ ᠥᠬᠡᠢ )᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ | ᠬᠡᠷᠡᠭᠰᠡᠯ ᠤᠨ ᠠᠶᠤᠯ ᠥᠬᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ | ᠲᠠᠯᠪᠢᠵᠤ ᠪᠠᠶᠢᠴᠠᠭᠠᠨ᠎ᠠ᠃ᠠᠶᠤᠯ ᠥᠬᠡᠢ ᠦᠢᠯᠡᠳᠪᠦᠷᠢᠯᠡᠯ ᠳᠤ ᠵᠥᠪᠰᠢᠶᠡᠷᠡᠨ ᠣᠷᠣᠭᠤᠯᠬᠤ ᠳᠦᠷᠢᠮ ᠢ ᠬᠠᠤᠯᠢ | ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠪᠦᠬᠦ | ᠬᠤᠰᠢᠭᠤᠨ ᠤ ᠠᠶᠤᠯ ᠲᠠᠢ ᠬᠢᠮᠢ ᠶᠢᠨ ᠡᠳ᠋ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠠᠵᠢᠯ ᠪᠠ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | (ᠠᠷᠪᠠᠨ ᠬᠤᠶᠠᠷ ) ᠦᠢᠯᠡᠳᠪᠦᠷᠢᠯᠡᠯ ᠤᠨ ᠠᠶᠤᠯ ᠥᠬᠡᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ | ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠢᠳᠪᠦᠷᠢᠯᠡᠬᠦ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ᠪᠠᠶᠢᠭᠠᠯᠢ ᠶᠢᠨ | ᠭᠠᠮᠰᠢᠭ ᠤᠨ ᠲᠥᠷᠥᠯ ᠤᠨ ᠭᠡᠨᠡᠳᠲᠡ ᠡᠭᠦᠰᠬᠦ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ᠃ | ( ᠠᠷᠪᠠᠨ ᠭᠤᠷᠪᠠ ) ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ | ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠥᠬᠦᠭᠡᠷᠦᠮᠵᠢ ᠶᠢᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ᠂ | ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ | ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠭᠠᠮᠰᠢᠭ᠋/ᠠ᠋ᠴᠠ ᠠᠪᠤᠷᠠᠬᠤ ᠦᠶ᠎ᠡ ᠳᠤ ᠨᠢᠭᠡᠳᠦᠯᠲᠡᠢ ᠲᠣᠬᠢᠷᠠᠭᠤᠯᠤᠨ᠎ᠠ᠃ | ( ᠠᠷᠪᠠᠨ ᠳᠥᠷᠪᠡ ) ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ | ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠣᠷᠠᠭᠤᠯᠤᠯ ᠤᠨ ᠠᠵᠢᠯ ᠢ ᠬᠠᠷᠢᠭᠤᠴᠠᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ | ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠰᠤᠷᠠᠭ ᠵᠠᠩᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ | ( ᠠᠷᠪᠠᠨ ᠲᠠᠪᠤ ) ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ | ᠤᠬᠠᠮᠰᠠᠷ ᠤᠨ ᠬᠡᠯᠪᠡᠷᠢ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ | ᠵᠠᠬᠢᠳᠠᠯ ᠰᠤᠷᠪᠤᠯᠵᠢᠯᠠᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ | ᠬᠠᠷᠢᠭᠤᠴᠠᠨ᠎ᠠ᠃ | ( ᠠᠷᠪᠠᠨ ᠵᠢᠷᠭᠤᠭ᠎ᠠ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ( ᠠᠷᠪᠠᠨ ᠳᠣᠯᠤᠭ᠎ᠠ ) ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠰᠢᠯᠢᠳᠡᠭᠵᠢᠭᠰᠡᠨ᠂ ᠨᠢᠭᠡᠳᠦᠯᠲᠡᠢ ᠲᠥᠯᠥᠪᠯᠡᠭᠰᠡᠨ ᠲᠤᠰ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠂ ᠨᠢᠭᠡᠳᠦᠯᠲᠡᠢ | ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠭᠰᠡᠨ᠂ ᠡᠷᠬᠡ ᠰᠦᠷ ᠥᠨᠳᠥᠷ ᠪᠦᠲᠦᠮᠵᠢᠲᠡᠢ ᠲᠤᠰ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮ ᠢ ᠪᠠᠶᠢᠭᠤᠯᠵᠤ᠂ ᠨᠢᠭᠡᠳᠦᠯᠲᠡᠢ | ᠵᠢᠯᠣᠭᠤᠳᠤᠭᠰᠠᠨ᠂ ᠲᠤᠰᠬᠠᠢ ᠢᠵᠢ ᠪᠦᠷᠢᠳᠦᠭᠰᠡᠨ᠂ ᠲᠤᠰᠬᠠᠯ ᠰᠣᠷᠭᠤᠭ᠂ ᠳᠡᠭᠡᠷ᠎ᠡ ᠳᠣᠣᠷ᠎ᠠ ᠱᠠᠲᠤ ᠬᠠᠮᠲᠤᠷᠠᠨ | ᠬᠥᠳᠡᠯᠦᠯᠴᠡᠭᠰᠡᠨ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ | ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠯᠳᠦᠭᠦᠯᠬᠦ ᠶᠢ | ᠠᠬᠢᠭᠤᠯᠬᠤ ᠬᠡᠷᠡᠭᠲᠡᠢ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠤᠨᠲᠠᠷᠠᠭᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠷ | ᠭᠠᠮᠰᠢᠭ᠋/ᠠ᠋ᠴᠠ ᠠᠪᠤᠷᠠᠬᠤ ᠶᠢ ᠬᠠᠷᠢᠯᠴᠠᠨ ᠨᠢᠭᠡᠳᠦᠭᠦᠯᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ | ᠲᠤᠰᠠᠯᠠᠬᠤ ᠶᠢ ᠴ᠊ ᠴᠢᠬᠤᠯᠠᠴᠢᠯᠠᠬᠤ ᠠᠴᠠ ᠨᠢ ᠭᠠᠮᠰᠢᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ | ᠬᠤᠪᠢᠷᠠᠭᠤᠯᠬᠤ᠂ ᠳᠠᠩ ᠭᠠᠭᠴᠠ ᠭᠠᠮᠰᠢᠭ ᠢ ᠠᠷᠭᠠᠴᠠᠬᠤ ᠠᠴᠠ ᠨᠢ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ | ᠳᠠᠰᠢ ᠬᠤᠪᠢᠷᠠᠭᠤᠯᠬᠤ᠂ ᠭᠠᠮᠰᠢᠭ ᠠᠴᠠ ᠪᠣᠯᠬᠤ ᠬᠤᠬᠢᠷᠠᠯ ᠢ ᠪᠠᠭᠠᠰᠬᠠᠬᠤ ᠠᠴᠠ ᠨᠢ ᠭᠠᠮᠰᠢᠭ ᠤᠨ | ᠲᠦᠭᠰᠢᠭᠦᠷᠢ ᠶᠢ ᠪᠠᠭᠠᠰᠬᠠᠬᠤ ᠳᠠᠰᠢ ᠬᠤᠪᠢᠷᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ | ᠬᠡᠮᠵᠢᠶ᠎ᠡ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ | ᠳᠡᠭᠡᠭᠰᠢᠯᠡᠭᠦᠯᠬᠦ᠂ ᠬᠦᠨᠳᠦ ᠣᠨᠴᠠ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ | ᠃ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠢ ᠦᠨᠡᠨᠬᠦ ᠪᠠᠲᠤᠯᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ | ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ | ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ | ᠤᠬᠠᠮᠰᠠᠷ ᠢ ᠨᠡᠮᠡᠭᠳᠡᠭᠦᠯᠦᠨ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠵᠤ | ᠬᠠᠷᠢᠯᠴᠠᠨ ᠠᠪᠤᠷᠠᠬᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠦᠬᠦᠵᠦ ᠰᠢᠷᠬᠠᠲᠤᠬᠤ ᠪᠠ ᠡᠳ᠋ | ᠬᠥᠷᠥᠩᠭᠡ ᠶᠢᠨ ᠬᠤᠬᠢᠷᠠᠯ ᠢ ᠦᠨᠡᠨᠬᠦ ᠪᠠᠭᠠᠰᠬᠠᠬᠤ ᠬᠡᠷᠡᠭᠲᠡᠢ᠃ᠭᠤᠷᠪᠠ ᠳᠤ᠂ ᠠᠶᠤᠯᠭᠦᠢ ᠬᠥᠭᠵᠢᠯᠲᠡ ᠶᠢᠨ | ᠣᠶᠢᠯᠠᠭᠠᠭᠳᠠᠬᠤᠨ ᠢ ᠪᠣᠢ ᠪᠣᠯᠭᠠᠵᠤ᠂ ᠠᠮᠢ ᠨᠠᠰᠤ ᠡᠷᠬᠢᠮ ᠳᠡᠭᠡᠳᠦ᠂ ᠠᠮᠤᠷ ᠲᠦᠪᠰᠢᠨ ᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠬᠡᠷᠡᠭ ᠤᠴᠢᠷ ᠢ ᠡᠷᠡᠰ ᠬᠤᠷᠢᠭᠯᠠᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ᠄ | | ( ᠨᠢᠭᠡ ) ᠵᠠᠰᠠᠭ ᠵᠠᠬᠢᠷᠭᠠᠨ ᠤ ᠠᠯᠪᠠᠨ ᠭᠡᠷ᠃ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠢ | ᠬᠠᠷᠢᠭᠤᠴᠠᠵᠤ᠂ ᠮᠡᠳᠡᠭᠡ ᠵᠠᠩᠭᠢ᠂ ᠠᠶᠤᠯ ᠥᠬᠡᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠴᠢᠬᠤᠯᠠ ᠪᠢᠴᠢᠭ ᠮᠠᠲ᠋ᠧᠷᠢᠶᠠᠯ ᠲᠤᠭᠤᠷᠪᠢᠬᠤ ᠵᠡᠷᠭᠡ ᠠᠵᠢᠯ ᠢ | ᠡᠭᠦᠷᠭᠡᠯᠡᠵᠦ᠂ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠲᠣᠨᠤᠭ | ᠲᠥᠬᠦᠭᠡᠷᠦᠮᠵᠢ ᠪᠣᠯᠤᠨ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ | ᠠᠵᠢᠯ ᠢ ᠬᠠᠷᠢᠭᠤᠴᠠᠨ᠎ᠠ᠃ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ᠂ | ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠠᠵᠢᠯᠠ᠋ᠴᠠ ᠪᠠᠨ ᠠᠮᠠᠷᠠᠭᠰᠠᠨ ᠪᠠᠭᠤᠭᠰᠠᠨ ᠺᠠᠳ᠋ᠷ | ᠵᠡᠷᠭᠡ ᠠᠵᠢᠯ ᠢ ᠬᠠᠷᠢᠭᠤᠴᠠᠨ᠎ᠠ᠃ | ( ᠬᠤᠶᠠᠷ )ᠠᠶᠤᠯ ᠥᠬᠡᠢ ᠦᠢᠯᠡᠳᠪᠦᠷᠢᠯᠡᠯ ᠤᠨ ᠰᠠᠭᠤᠷᠢ ᠬᠤᠪᠢ᠃ᠨᠡᠭᠦᠷᠡᠰᠦᠨ ᠤ ᠪᠤᠰᠤ ᠠᠭᠤᠷᠬᠠᠢ | (ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ)᠂ ᠴᠢᠯᠠᠭᠤᠨ ᠲᠣᠰᠣ ᠪᠣᠯᠪᠠᠰᠤᠷᠠᠭᠤᠯᠬᠤ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠢ ᠪᠠᠭᠲᠠᠬᠤ ᠦᠭᠡᠢ)᠂ ᠲᠡᠮᠦᠷᠯᠢᠭ ᠪᠣᠯᠪᠠᠰᠤᠷᠠᠭᠤᠯᠬᠤ᠂ | ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ | ᠨᠠᠪᠴᠢᠨ ᠲᠠᠮᠠᠬᠢ᠂ ᠬᠤᠳᠠᠯᠳᠤᠭ᠎ᠠ ᠠᠷᠠᠯᠵᠢᠶ᠎ᠠ ᠵᠡᠷᠭᠡ ᠠᠵᠤ ᠦᠢᠯᠡᠳᠪᠦᠷᠢ ᠠᠭᠤᠷᠬᠠᠢ ᠬᠤᠳᠠᠯᠳᠤᠭ᠎ᠠ | ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠠᠵᠢᠯ ᠢ ᠬᠠᠷᠢᠭᠤᠴᠠᠵᠤ᠂ | ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠳᠦᠷᠢᠮ | ᠲᠣᠭᠲᠠᠭᠠᠯ᠂ ᠪᠠᠷᠢᠮᠵᠢᠶ᠎ᠠ ᠶᠢ ᠲᠣᠭᠲᠠᠭᠠᠨ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ | ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ᠂ ᠠᠶᠤᠯ ᠦᠭᠡᠢ ᠪᠠᠶᠢᠬᠤ ᠶᠢ ᠰᠡᠷᠭᠡᠶᠢᠯᠡᠨ ᠬᠢᠵᠠᠭᠠᠷᠯᠠᠬᠤ | ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ( ᠭᠤᠷᠪᠠ ) ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠠᠰᠤᠭ᠃ᠠᠶᠤᠯ | ᠥᠬᠡᠢ ᠦᠢᠯᠡᠳᠪᠦᠷᠢᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠤᠨ | ᠬᠦᠷᠢᠶᠡᠨ ᠤ ᠠᠶᠤᠯ ᠥᠬᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠲᠣᠭᠲᠠᠭᠠᠯ | ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ᠪᠦᠬᠦ ᠬᠤᠰᠢᠭᠤᠨ ᠤ ᠴᠢᠨᠠᠷᠲᠠᠢ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠲᠥᠷᠥᠯ ᠤᠨ ᠱᠠᠭᠠᠷᠳᠠᠨ ᠪᠠᠶᠢᠴᠠᠭᠠᠯᠲᠠ᠂ ᠲᠤᠰᠬᠠᠢ | ᠲᠥᠷᠥᠯ ᠤᠨ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠶᠠᠪᠤᠭᠳᠠᠭᠤᠯᠤᠨ᠎ᠠ᠃ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ | ᠳᠣᠳᠣᠮ ᠤᠨ ᠠᠵᠢᠯ ᠢ ᠡᠭᠦᠷᠭᠡᠯᠡᠨ᠎ᠡ᠃ | ( ᠳᠥᠷᠪᠡ ) ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠤᠨ ᠲᠣᠬᠢᠷᠠᠭᠤᠯᠬᠤ ᠪᠠ ᠶᠡᠷᠦᠩᠬᠡᠶᠢᠯᠡᠨ | ᠵᠣᠬᠢᠴᠠᠭᠤᠯᠬᠤ ᠠᠯᠪᠠᠨ ᠭᠡᠷ᠃ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ | ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠠᠵᠢᠯ ᠢ ᠡᠭᠦᠷᠭᠡᠯᠡᠵᠦ᠂ ᠤᠯᠤᠰ ᠤᠨ | ᠠᠳᠠᠯ ᠤᠨ ᠭᠠᠢ ᠭᠠᠮᠰᠢᠭ ᠪᠠ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ | ᠨᠠᠶᠢᠳᠠᠪᠤᠷᠢᠵᠢᠭᠤᠯᠤᠨ᠂ ᠲᠤᠰ ᠬᠤᠰᠢᠭᠤ ᠰᠢᠶᠠᠩ ᠤ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ | ᠮᠡᠳᠡᠭᠡ ᠵᠠᠩᠭᠢ ᠶᠢ ᠨᠡᠶᠢᠲᠡᠯᠡᠵᠦ᠂ ᠪᠦᠬᠦ ᠬᠤᠰᠢᠭᠤᠨ ᠤ ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ | ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠭᠤᠶᠤᠴᠢᠯᠠᠯ ᠳᠡᠪᠰᠢᠭᠦᠯᠵᠦ᠂ ᠭᠠᠯ ᠤᠨᠲᠠᠷᠠᠭᠠᠬᠤ᠂ ᠣᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠯᠭᠠᠭᠤᠯᠵᠤ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ᠪᠦᠬᠦ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠲᠤᠰ | ᠬᠤᠰᠢᠭᠤ ᠰᠢᠶᠠᠩ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠪ ᠪᠠ ᠠᠶᠤᠯ ᠥᠬᠡᠢ | ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠰᠦᠯ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠵᠣᠯᠭᠠᠭᠤᠯᠤᠨ | ᠵᠣᠬᠢᠴᠠᠭᠤᠯᠬᠤ ᠶᠢ ᠬᠠᠷᠢᠭᠤᠴᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠯᠣᠭᠤᠳᠴᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠂ | ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠲᠤᠬᠠᠢ ᠶᠢᠨ ᠲᠠᠯᠠᠪᠠᠢ ᠶᠢᠨ | ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠣᠭᠤᠳᠤᠨ᠂ ᠲᠤᠰ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠠᠮᠢᠶᠠᠷᠤᠯᠲᠠ ᠶᠢᠨ ᠪᠠᠲᠤᠯᠠᠭ᠎ᠠ ᠶᠢᠨ ᠠᠷᠭ᠎ᠠ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠤᠯᠤᠰ ᠤᠨ ᠭᠠᠯ ᠤᠨᠲᠠᠷᠠᠭᠠᠬᠤ | ᠬᠠᠤᠯᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠤᠰ ᠬᠤᠰᠢᠭᠤ | ᠰᠢᠶᠠᠩ ᠤ ᠭᠠᠯ ᠤᠨᠲᠠᠷᠠᠭᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠥᠰᠦᠯ ᠪᠠ ᠮᠡᠷᠭᠡᠵᠢᠯ ᠤᠨ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠵᠦ᠂ | ᠪᠦᠬᠦ ᠬᠤᠰᠢᠭᠤᠨ ᠤ ᠬᠤᠲᠠ ᠪᠠᠯᠭᠠᠰᠤ᠂ ᠬᠥᠳᠡᠭᠡ ᠲᠣᠰᠬᠤᠨ᠂ ᠣᠢ ᠰᠢᠭᠤᠢ᠂ ᠨᠤᠲᠤᠭ ᠪᠡᠯᠴᠢᠭᠡᠷ ᠤᠨ ᠭᠠᠯ | ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠵᠤ᠂ ᠪᠦᠬᠦ ᠬᠤᠰᠢᠭᠤᠨ ᠤ ᠭᠠᠯ ᠤᠨᠲᠠᠷᠠᠭᠠᠬᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ | ᠭᠠᠯ ᠲᠦᠢᠮᠡᠷ ᠢ ᠳᠠᠷᠤᠵᠤ ᠠᠶᠤᠯᠠ᠋ᠴᠠ ᠠᠪᠤᠷᠠᠬᠤ ᠠᠵᠢᠯ ᠢ ᠵᠢᠯᠣᠭᠤᠳᠤᠨ᠎ᠠ᠃ | ( ᠲᠠᠪᠤ ) ᠠᠶᠤᠯ ᠲᠠᠢ ᠬᠢᠮᠢ ᠶᠢᠨ ᠡᠳ᠋ ᠤᠨ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ | ᠪᠦᠬᠦ ᠬᠤᠰᠢᠭᠤᠨ ᠤ ᠬᠢᠮᠢ ᠶᠢᠨ ᠠᠵᠤ ᠦᠢᠯᠡᠳᠪᠦᠷᠢ ( ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ | ᠪᠠᠭᠲᠠᠨ᠎ᠠ )᠂ ᠠᠶᠤᠯᠲᠠᠢ ᠬᠢᠮᠢ ᠶᠢᠨ ᠪᠣᠳᠠᠰ ᠪᠠ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠭᠤᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ | ᠪᠠᠶᠢᠴᠠᠭᠠᠯᠲᠠ ᠬᠢᠵᠦ᠂ ᠪᠦᠬᠦ ᠬᠤᠰᠢᠭᠤᠨ ᠤ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠯ ᠤᠨ | ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠨ᠂ ᠪᠦᠬᠦ ᠬᠤᠰᠢᠭᠤᠨ ᠤ ᠠᠶᠤᠯᠲᠠᠢ ᠬᠢᠮᠢ ᠶᠢᠨ | ᠪᠣᠳᠠᠰ ᠢ ᠳᠠᠩᠰᠠᠯᠠᠬᠤ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠬᠢᠨᠠᠨ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠪᠠ᠃ | ( ᠵᠢᠷᠭᠤᠭ᠎ᠠ ) ᠤᠬᠠᠭᠤᠯᠭ᠎ᠠ ᠬᠥᠮᠦᠵᠢᠯ ᠵᠢᠴᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠤᠯ ᠥᠬᠡᠢ ᠦᠢᠯᠡᠳᠪᠦᠷᠢᠯᠡᠯ ᠤᠨ ᠰᠣᠨᠢᠨ ᠮᠡᠳᠡᠭᠡ | ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ | ᠡᠭᠦᠷᠭᠡᠯᠡᠵᠦ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ᠪᠦᠬᠦ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ | ᠠᠵᠢᠯ ᠢ ᠵᠢᠭᠠᠨ ᠵᠢᠯᠣᠭᠤᠳᠴᠤ᠃ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠣᠯᠪᠠᠰᠤᠷᠠᠯ ᠢ ᠵᠢᠯᠣᠭᠤᠳᠬᠤ ᠬᠡᠷᠡᠭᠲᠡᠢ᠃ | ᠪᠦᠬᠦ ᠬᠤᠰᠢᠭᠤᠨ ᠤ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠳᠠᠩᠰᠠᠯᠠᠭᠤᠯᠤᠭᠰᠠᠨ ᠠᠵᠢᠯ ᠢ ᠬᠠᠤᠯᠢ ᠶᠣᠰᠣᠭᠠᠷ | ᠡᠭᠦᠷᠭᠡᠯᠡᠵᠦ᠂ ᠪᠦᠬᠦ ᠬᠤᠰᠢᠭᠤᠨ ᠤ ᠬᠠᠷᠢᠶᠠᠨ ᠳᠠᠬᠢ ᠠᠵᠢᠯ ᠲᠥᠷᠥᠯ ᠤᠨ ᠠᠵᠤ ᠠᠬᠤᠶᠢᠯᠠᠯ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠬᠠᠷᠢᠭᠤᠴᠠᠨ᠎ᠠ᠃ | ( ᠳᠣᠯᠤᠭ᠎ᠠ ) ᠭᠠᠮᠰᠢᠭ ᠤᠨ ᠪᠠᠶᠢᠳᠠᠯ ᠢ ᠦᠨᠡᠯᠡᠨ ᠵᠢᠱᠢᠵᠦ ᠪᠦᠷᠢᠳᠬᠡᠬᠦ ᠬᠤᠪᠢ᠃ᠪᠦᠬᠦ ᠬᠤᠰᠢᠭᠤᠨ ᠤ | ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ | ᠭᠠᠮᠰᠢᠭ᠋/ᠠ᠋ᠴᠠ ᠠᠪᠤᠷᠠᠵᠤ ᠲᠤᠰᠠᠯᠠᠨ ᠬᠦᠷᠭᠡᠬᠦ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ᠂ ᠬᠤᠰᠢᠭᠤ ᠰᠢᠶᠠᠩ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ | ᠲᠥᠯᠥᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠪᠦᠬᠦ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠪᠠ ᠵᠣᠬᠢᠴᠠᠭᠤᠯᠬᠤ | ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠴᠢᠬᠤᠯᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ | ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠣᠪᠴᠢᠶ᠎ᠠ᠂ ᠬᠤᠰᠢᠭᠤ ᠰᠢᠶᠠᠩ ᠤ | ᠭᠠᠮᠰᠢᠭ᠋/ᠠ᠋ᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠨ ᠬᠡᠷᠡᠭᠯᠡᠬᠦ | ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ | ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ᠋/ᠠ᠋ᠴᠠ ᠪᠣᠯᠵᠤ ᠰᠦᠢᠳᠦᠭᠰᠡᠨ ᠭᠡᠷ ᠪᠠᠶᠢᠰᠢᠩ ᠢ ᠰᠡᠷᠭᠦᠭᠡᠨ ᠳᠠᠬᠢᠨ | ᠪᠦᠲᠦᠭᠡᠨ ᠪᠠᠶᠢᠭᠤᠯᠬᠤ ᠲᠤᠰᠠᠯᠠᠮᠵᠢ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠠᠪᠤᠷᠠᠨ | ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠬᠡᠷᠡᠭᠲᠡᠢ᠃ | ( ᠨᠠᠢᠮᠠ )ᠠᠶᠤᠯ ᠥᠬᠡᠢ ᠦᠢᠯᠡᠳᠪᠦᠷᠢᠯᠡᠯ ᠤᠨ ᠶᠡᠷᠦᠩᠬᠡᠶᠢᠯᠡᠨ ᠵᠣᠬᠢᠴᠠᠭᠤᠯᠬᠤ ᠰᠲ᠋ᠣᠺ᠃ᠠᠶᠤᠯ ᠥᠬᠡᠢ | ᠦᠢᠯᠡᠳᠪᠦᠷᠢᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠤᠨ ᠬᠦᠷᠢᠶᠡᠨ ᠤ | ᠠᠶᠤᠯ ᠥᠬᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠲᠣᠭᠲᠠᠭᠠᠯ ᠶᠣᠰᠣᠭᠠᠷ | ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ᠪᠦᠬᠦ ᠬᠤᠰᠢᠭᠤᠨ ᠤ ᠴᠢᠨᠠᠷᠲᠠᠢ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠲᠥᠷᠥᠯ ᠤᠨ ᠱᠠᠭᠠᠷᠳᠠᠨ ᠪᠠᠶᠢᠴᠠᠭᠠᠯᠲᠠ᠂ ᠲᠤᠰᠬᠠᠢ | ᠲᠥᠷᠥᠯ ᠤᠨ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠶᠠᠪᠤᠭᠳᠠᠭᠤᠯᠤᠨ᠎ᠠ᠃ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ | ᠳᠣᠳᠣᠮ ᠤᠨ ᠠᠵᠢᠯ ᠢ ᠬᠠᠷᠢᠭᠤᠴᠠᠨ᠎ᠠ | ( ᠶᠢᠰᠤ ) ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠶᠡᠭᠡ ᠠᠩᠭᠢ᠃ᠡᠯ᠎ᠡ | ᠲᠥᠷᠥᠯ ᠤᠨ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠷᠢᠭᠤᠴᠠᠵᠤ | ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ ;ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠰᠣᠷᠢᠯᠲᠠ ᠶᠢ ᠥᠷᠨᠢᠭᠦᠯᠵᠦ᠂ ᠲᠤᠰᠬᠠᠢ ᠮᠡᠷᠭᠡᠵᠢᠯ ᠤᠨ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ; | (ᠠᠷᠪᠠ ) ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ᠃ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠳᠦᠷᠢᠮ ᠢ | ᠲᠤᠤᠱᠯᠠᠭᠤᠯᠤᠨ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ | ᠵᠠᠬᠢᠷᠭᠠᠨ ᠤ ᠰᠢᠳᠬᠡᠯ ᠥᠭᠬᠦ ᠡᠭᠦᠷᠭᠡ ᠴᠢᠳᠠᠪᠬᠢ ᠪᠠᠨ ᠬᠡᠷᠡᠭᠵᠢᠭᠦᠯᠪᠡ᠃ ᠠᠯᠪᠠᠨ ᠪᠠᠶᠢᠭᠤᠯᠭ᠎ᠠ ᠶᠢᠨ ᠨᠠᠮ ᠤᠨ | ᠶᠡᠷᠦᠩᠬᠡᠢ ᠡᠭᠦᠷ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ | ᠠᠵᠢᠯ ᠢ ᠬᠠᠷᠢᠭᠤᠴᠠᠨ᠎ᠠ | ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠵᠢᠵᠢᠭᠦᠷ ᠤᠨ ᠲᠠᠰᠤᠯᠭ᠎ᠠ᠄ 0474 —5214658 ( | ᠳᠦᠷᠰᠦᠲᠦ ᠴᠠᠬᠢᠯᠭᠠᠨ ) | ᠠᠯᠪᠠᠨ ᠭᠡᠷ᠄ 0474 —5203565 | ᠠᠯᠪᠠᠨ ᠭᠡᠷ ᠤᠨ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 9 ᠴᠠᠭ ᠪᠣᠯᠲᠠᠯ᠎ᠠ᠄ 00—12᠄ 00᠂ | 14᠄ 30—18᠄ 00 ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷᠡᠴᠡ | ᠭᠠᠳᠠᠨ᠎ᠠ ) | ᠪᠠᠶᠢᠭᠤᠯᠭ᠎ᠠ ᠶᠢᠨ ᠬᠠᠶ᠋ᠢᠭ᠄ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠪᠡᠶ᠎ᠡ ᠲᠠᠮᠢᠷ ᠤᠨ ᠪᠠᠷᠠᠭᠤᠨ | ᠵᠠᠮ ᠨᠢᠭᠡᠴᠢ | ᠰᠢᠤᠳᠠᠨ ᠬᠠᠶᠢᠷᠴᠠᠭ᠄ szwqyjgl@sina . com | ᠬᠠᠷᠢᠭᠤᠴᠠᠯᠭᠠᠲᠠᠨ᠄ ᠸᠠᠩ ᠰᠢᠶᠣᠤ ᠴᠦᠨ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |