ᠳᠥᠷᠪᠡᠳ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ
ᠨᠡᠶᠢᠲᠡᠯᠡᠭᠰᠡᠨ ᠴᠠᠭ᠄
2024/11/1
      ᠳᠥᠷᠪᠡᠳ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ      ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠥᠷᠪᠡᠳ ᠬᠤᠰᠢᠭᠤᠨ ᠤ ᠬᠤᠪᠢᠶᠠᠷᠢ ᠲᠣᠪᠴᠢᠶ᠎ᠠ ᠪᠣᠯ ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠣᠣᠷ᠎ᠠ ᠪᠠᠶᠢᠭᠤᠯᠤᠭᠰᠠᠨ ᠵᠢᠩᠬᠢᠨᠢ ᠰᠠᠯᠠᠭᠠᠨ ᠤ ᠳᠡᠰ ᠤᠨ ᠲᠣᠮᠢᠯᠠᠭᠰᠠᠨ ᠪᠠᠶᠢᠭᠤᠯᠤᠮᠵᠢ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ᠄      1. ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ᠲᠤᠰ ᠭᠠᠵᠠᠷ ᠣᠷᠣᠨ ᠤ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠥᠯᠥᠪᠵᠢᠭᠦᠯᠭᠡ ᠪᠠ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃       2. ᠲᠤᠰ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃       3. ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ᠲᠤᠰ ᠭᠠᠵᠠᠷ ᠣᠷᠣᠨ ᠤ ᠪᠠᠨ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠭᠦᠢᠴᠡᠳᠬᠡᠯᠭᠡᠵᠦ᠂ ᠬᠢᠨᠠᠨ ᠪᠠᠶᠢᠴᠠᠭᠠᠨ᠎ᠠ ;ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃       4. ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃       5. ᠲᠤᠰ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠮᠵᠢᠨ ᠰᠠᠶᠢᠲᠤᠷ ᠬᠢᠨ᠎ᠡ᠃ᠲᠤᠰ ᠭᠠᠵᠠᠷ ᠣᠷᠣᠨ ᠤ ᠡᠷᠭᠢᠯᠲᠡᠲᠦ ᠠᠵᠤ ᠠᠬᠤᠢ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠦ ᠶᠢ ᠠᠬᠢᠭᠤᠯᠬᠤ ᠳᠤ ᠣᠷᠣᠯᠴᠠᠵᠠᠢ᠃       6. ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ᠲᠤᠰ ᠭᠠᠵᠠᠷ ᠣᠷᠣᠨ ᠤ ᠪᠠᠨ ᠠᠭᠠᠷ ᠮᠠᠨᠳᠠᠯ᠂ ᠤᠰᠤ᠂ ᠬᠥᠷᠥᠰᠥ ᠰᠢᠷᠣᠢ᠂ ᠱᠤᠤᠭᠢᠶᠠᠨ᠂ ᠦᠮᠡᠬᠡᠢ ᠦᠨᠦᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠠᠶᠠᠭᠳᠠᠮᠠᠯ ᠠᠶᠤᠯ ᠲᠠᠢ ᠬᠢᠮᠢ ᠶᠢᠨ ᠡᠳ᠋᠂ ᠮᠠᠰᠢᠨᠲᠤ ᠲᠡᠷᠭᠡᠨ ᠤ ᠠᠷᠤ ᠶᠢᠨ ᠬᠡᠢ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠬᠢᠨᠠᠨ ᠬᠠᠮᠢᠶᠠᠷᠴᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃      7. ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ᠠᠮᠢ ᠠᠬᠤᠢ ᠶᠢᠨ ᠣᠷᠴᠢᠨ ᠲᠣᠭᠤᠷᠢᠨ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢ ᠡᠪᠳᠡᠵᠦ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ᠲᠤᠰ ᠭᠠᠵᠠᠷ ᠣᠷᠣᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠦᠨ᠎ᠡ᠃ᠲᠤᠰ ᠭᠠᠵᠠᠷ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠨ᠎ᠠ᠃ᠲᠠᠷᠢᠶᠠᠯᠠᠬᠤ ᠮᠠᠯᠵᠢᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠶᠤᠯ ᠥᠬᠡᠢ ᠶᠢᠨ ᠠᠵᠢᠯ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ᠂ ᠠᠮᠢᠳᠤ ᠪᠣᠳᠠᠰ ᠤᠨ ᠤᠳᠤᠮᠰᠢᠯ ᠤᠨ ᠡᠬᠢ ᠪᠠᠶᠠᠯᠢᠭ ᠤᠨ ᠬᠠᠮᠠᠭᠠᠯᠠᠯᠲᠠ᠂ ᠠᠮᠢᠳᠤ ᠪᠣᠳᠠᠰ ᠤᠨ ᠠᠶᠤᠯ ᠥᠬᠡᠢ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠳᠤ ᠣᠷᠣᠯᠴᠠᠨ᠎ᠠ᠃       8. ᠴᠥᠮ᠎ᠡ ᠶᠢᠨ ᠰᠠᠴᠤᠷᠠᠭ ᠤᠨ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠲᠤᠰ ᠭᠠᠵᠠᠷ ᠣᠷᠣᠨ ᠤ ᠪᠠᠨ ᠴᠥᠮ᠎ᠡ ᠶᠢᠨ ᠰᠠᠴᠤᠷᠠᠭ ᠤᠨ ᠠᠶᠤᠯ ᠥᠬᠡᠢ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠤ᠂ ᠴᠥᠮ᠎ᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠵᠤ᠂ ᠰᠠᠴᠤᠷᠠᠭ ᠤᠨ ᠣᠷᠴᠢᠨ ᠲᠣᠭᠤᠷᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ ;ᠴᠥᠮ᠎ᠡ ᠶᠢᠨ ᠪᠡᠯᠡᠳᠬᠡᠮᠵᠢ ᠪᠣᠯᠤᠨ ᠰᠠᠴᠤᠷᠠᠭ ᠡᠭᠦᠰᠬᠡᠭᠴᠢ ᠶᠢᠨ ᠠᠶᠤᠯ ᠥᠬᠡᠢ ᠳᠤ ᠬᠢᠨᠠᠯᠲᠠ ᠲᠠᠯᠪᠢᠵᠤ ᠬᠠᠮᠢᠶᠠᠷᠬᠤ ᠶᠢᠨ ᠴᠥᠮ᠎ᠡ ᠶᠢᠨ ᠪᠡᠯᠡᠳᠬᠡᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠤ ᠰᠠᠴᠤᠷᠠᠭ᠂ ᠳᠠᠭᠠᠯᠲᠠ ᠰᠠᠴᠤᠷᠠᠭ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃       9. ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠡᠷᠬᠡ ᠣᠯᠭᠤᠭᠰᠠᠨ ᠬᠡᠪᠴᠢᠶᠡᠨ ᠳᠤ ᠲᠤᠰ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠵᠢᠴᠢ ᠬᠡᠰᠡᠭ ᠵᠠᠰᠠᠭ ᠵᠠᠬᠢᠷᠭᠠᠨ ᠤ ᠵᠥᠪᠰᠢᠶᠡᠷᠡᠯ ᠤᠨ ᠪᠣᠳᠠᠲᠠᠢ ᠠᠵᠢᠯ ᠢ ᠥᠷᠨᠢᠭᠦᠯᠦᠨ᠎ᠡ᠃ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠳᠠᠩᠰᠠᠯᠠᠬᠤ ᠬᠦᠰᠦᠨᠦᠭᠲᠦ ᠶᠢ ᠳᠠᠩᠰᠠᠯᠠᠨ ᠬᠠᠮᠢᠶᠠᠷᠬᠤ ᠶᠢ ᠬᠠᠷᠢᠭᠤᠴᠠᠨ᠎ᠠ᠃ᠲᠤᠰ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠳᠠᠩᠰᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       10. ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠠᠵᠢᠯ ᠢ ᠬᠠᠷᠢᠭᠤᠴᠠᠨ᠎ᠠ᠃ᠲᠤᠰ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠵᠦ ᠬᠢᠨᠠᠨ ᠰᠢᠨᠵᠢᠬᠦ᠂ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ ᠲᠠᠢ ᠬᠠᠮᠵᠢᠯᠴᠠᠨ᠂ ᠪᠣᠬᠢᠷᠲᠤᠯ ᠤᠨ ᠢᠷᠡᠯᠲᠡ ᠶᠢ ᠰᠦᠯᠵᠢᠶ᠎ᠡ ᠪᠠᠷ ᠬᠢᠨᠠᠨ ᠰᠢᠨᠵᠢᠬᠦ ᠶᠢ ᠬᠢᠨᠠᠨ ᠬᠠᠮᠢᠶᠠᠷᠤᠨ᠎ᠠ᠃ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠶᠢ ᠬᠠᠮᠵᠢᠯᠴᠠᠨ ᠪᠠᠲᠤᠯᠠᠨ᠎ᠠ᠃       11. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠢ ᠬᠠᠷᠢᠭᠤᠴᠠᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ ᠬᠢᠭᠡᠳ ᠤᠯᠠᠭᠠᠨᠴᠠᠪ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠥᠷᠨᠢᠭᠦᠯᠦᠨ᠎ᠡ᠃       12. ᠲᠤᠰ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ᠲᠤᠰ ᠭᠠᠵᠠᠷ ᠣᠷᠣᠨ ᠤ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯᠯᠠᠭ᠎ᠠ᠃ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ  ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃       13. ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠨ᠎ᠠ᠃ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃       14. ᠠᠮᠢ ᠠᠬᠤᠢ ᠶᠢᠨ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠲᠤᠰ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠶᠢᠨ ᠣᠷᠣᠯᠴᠠᠬᠤ ᠶᠢ ᠲᠦᠯᠬᠢᠨ ᠠᠬᠢᠭᠤᠯᠤᠨ᠎ᠠ᠃        15. ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        16. ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ᠄       ᠶᠡᠷᠦᠩᠬᠡᠶᠢᠯᠡᠭᠰᠡᠨ ᠲᠠᠰᠤᠭ ᠤᠨ ᠡᠭᠦᠷᠭᠡ ᠬᠠᠷᠢᠭᠤᠴᠠᠯᠭ᠎ᠠ ᠬᠤᠪᠢᠶᠠᠷᠢ ᠲᠣᠪᠴᠢᠶ᠎ᠠ ᠶᠢᠨ ᠰᠠᠯᠪᠤᠷᠢ ᠶᠡᠷᠦᠩᠬᠡᠢ ᠲᠠᠰᠤᠭ ᠤᠨ ᠪᠦᠬᠦ ᠲᠠᠯ᠎ᠠ ᠶᠢᠨ ᠠᠵᠢᠯ ᠢ ᠬᠠᠷᠢᠭᠤᠴᠠᠵᠤ᠂ ᠨᠠᠮ ᠤᠨ ᠠᠯᠪᠠᠨ ᠭᠡᠷ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠮᠠᠲ᠋ᠧᠷᠢᠶᠠᠯ ᠵᠢᠴᠢ ᠬᠤᠪᠢᠶᠠᠷᠢ ᠲᠣᠪᠴᠢᠶ᠎ᠠ ᠶᠢᠨ ᠴᠢᠬᠤᠯᠠ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠪᠣᠭᠤᠮᠲᠠ ᠶᠢ ᠬᠠᠷᠢᠭᠤᠴᠠᠨ᠎ᠠ ;ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠴᠢᠬᠤᠯᠠ ᠶᠡᠭᠡ ᠠᠵᠢᠯᠯᠠᠭ᠎ᠠ ᠪᠣᠯᠤᠨ ᠴᠢᠬᠤᠯᠠ ᠬᠤᠷᠠᠯ ᠤᠨ ᠪᠡᠯᠡᠳᠬᠡᠯ ;ᠬᠥᠮᠦᠨ ᠢᠷᠡᠵᠦ ᠵᠣᠴᠢᠯᠠᠬᠤ ᠪᠠᠷᠢᠮᠵᠢᠶ᠎ᠠ ᠶᠢ ᠬᠠᠷᠢᠭᠤᠴᠠᠵᠤ᠂ ᠨᠢᠭᠡᠴᠢ ᠶᠢᠨ ᠬᠡᠷᠡᠭᠯᠡᠬᠦ ᠲᠡᠷᠭᠡ ᠶᠢᠨ ᠬᠤᠪᠢᠶᠠᠷᠢᠯᠠᠯᠲᠠ ᠶᠢ ᠬᠠᠷᠢᠭᠤᠴᠠᠨ᠎ᠠ ;ᠨᠠᠮ ᠤᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠶᠢᠨ ᠠᠯᠪᠠᠨ ᠭᠡᠷ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠯᠪᠠᠨ ᠭᠡᠷ ᠤᠨ ᠬᠠᠷᠢᠯᠴᠠᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ;ᠬᠤᠪᠢᠶᠠᠷᠢ ᠲᠣᠪᠴᠢᠶᠠᠨ ᠤ ᠡᠯ᠎ᠡ ᠤᠳᠤᠷᠢᠳᠤᠯᠭ᠎ᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠃      ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠶᠢᠨ ᠲᠤᠰᠢᠶᠠᠯ ᠬᠠᠷᠢᠭᠤᠴᠠᠯᠭ᠎ᠠ        1. ᠲᠤᠰ ᠥᠷᠲᠡᠭᠡᠨ ᠤ ᠬᠢᠨᠠᠨ ᠰᠢᠨᠵᠢᠬᠦ ᠲᠤᠬᠠᠶᠢᠯᠠᠭᠰᠠᠨ ᠠᠵᠢᠯ᠂ ᠵᠠᠰᠠᠭ ᠵᠠᠬᠢᠷᠭᠠᠨ᠂ ᠠᠵᠢᠯᠲᠠᠨ ᠤ ᠶᠠᠪᠤᠳᠠᠯ᠂ ᠠᠷᠤ ᠲᠠᠯ᠎ᠠ ᠶᠢᠨ ᠠᠵᠢᠯ ᠵᠡᠷᠭᠡ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ ;ᠲᠤᠰ ᠥᠷᠲᠡᠭᠡᠨ ᠤ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃      2. ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠶᠢᠨ ᠬᠠᠮᠲᠤᠷᠠᠨ ᠬᠥᠳᠡᠯᠦᠯᠴᠡᠬᠦ ᠶᠢ ᠬᠠᠷᠢᠭᠤᠴᠠᠨ᠎ᠠ᠃       3. ᠠᠭᠠᠷ ᠮᠠᠨᠳᠠᠯ ᠤᠨ ᠠᠦᠲ᠋ᠣ ᠬᠢᠨᠠᠨ ᠬᠡᠮᠵᠢᠬᠦ ᠥᠷᠲᠡᠭᠡ ᠶᠢᠨ ᠡᠳᠦᠷ ᠳᠣᠳᠣᠮ ᠤᠨ ᠬᠠᠮᠠᠭᠠᠯᠠᠯᠲᠠ ᠪᠠ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ ;ᠭᠠᠳᠠᠭᠠᠳᠤ ᠠᠵᠢᠯ ᠢ ᠬᠠᠷᠢᠭᠤᠴᠠᠬᠤ ᠳᠤ ᠭᠤᠣᠯᠳᠠᠭᠤ ᠠᠭᠠᠷ ᠮᠠᠨᠳᠠᠯ ᠤᠨ ᠦᠯᠢᠭᠡᠷ ᠠᠪᠬᠤ᠂ ᠠᠭᠠᠷ ᠮᠠᠨᠳᠠᠯ ᠤᠨ ᠬᠢᠨᠠᠨ ᠬᠡᠮᠵᠢᠯᠲᠡ ᠬᠢᠬᠦ᠂ ᠤᠰᠤᠨ ᠤ ᠴᠢᠨᠠᠷ ᠤᠨ ᠦᠯᠢᠭᠡᠷ ᠠᠪᠬᠤ ᠵᠢᠴᠢ ᠬᠢᠨᠠᠨ ᠬᠡᠮᠵᠢᠬᠦ ᠠᠵᠢᠯ ᠵᠡᠷᠭᠡ ᠶᠢ ᠪᠠᠭᠲᠠᠭᠠᠨ᠎ᠠ ;ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ ;ᠲᠣᠭᠰᠢᠨ ᠬᠤᠣᠷᠲᠠᠢ ᠡᠮ ᠤᠨ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠳᠣᠲᠣᠭᠠᠳᠤ ᠶᠢᠨ ᠶᠡᠷᠦᠩᠬᠡᠢ ᠠᠵᠢᠯ ᠢ ᠬᠠᠷᠢᠭᠤᠴᠠᠨ᠎ᠠ᠃       4. ᠳᠣᠲᠣᠭᠠᠳᠤ ᠶᠠᠪᠤᠳᠠᠯ ᠤᠨ ᠠᠵᠢᠯ ᠢ ᠬᠠᠷᠢᠭᠤᠴᠠᠨ᠎ᠠ᠂ ᠭᠤᠣᠯᠳᠠᠭᠤ ᠬᠢᠨᠠᠨ ᠬᠡᠮᠵᠢᠬᠦ ᠭᠡᠷ᠂ ᠠᠯᠪᠠᠨ ᠭᠡᠷ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠵᠡᠷᠭᠡ ᠶᠢ ᠪᠠᠭᠲᠠᠭᠠᠨ᠎ᠠ ;ᠲᠤᠰ ᠥᠷᠲᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ ;ᠲᠤᠰ ᠥᠷᠲᠡᠭᠡᠨ ᠤ ᠶᠠᠰᠤ ᠴᠢᠨᠠᠷ ᠢ ᠡᠵᠡᠮᠳᠡᠬᠦ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃      5. ᠪᠠᠭᠠᠵᠢ ᠬᠡᠷᠡᠭᠰᠡᠯ ᠲᠥᠬᠦᠭᠡᠷᠦᠮᠵᠢ ᠶᠢᠨ ᠡᠳᠦᠷ ᠳᠣᠳᠣᠮ ᠤᠨ ᠬᠠᠮᠢᠶᠠᠷᠤᠯᠲᠠ ᠵᠢᠴᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠬᠢᠨᠠᠨ ᠬᠡᠮᠵᠢᠬᠦ ᠠᠵᠢᠯ ᠤᠨ ᠶᠠᠰᠤ ᠴᠢᠨᠠᠷ᠂ ᠬᠢᠨᠠᠨ ᠬᠡᠮᠵᠢᠭᠰᠡᠨ ᠦᠷ᠎ᠡ ᠳ᠋ᠦ᠋ᠩ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃       6. ᠲᠤᠷᠰᠢᠯᠲᠠ ᠶᠢᠨ ᠲᠠᠰᠤᠭ ᠤᠨ ᠠᠵᠢᠯᠲᠠᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠯ᠎ᠡ ᠵᠦᠢᠯ ᠤᠨ ᠤᠰᠤᠨ ᠤ ᠴᠢᠨᠠᠷ ᠤᠨ ᠦᠯᠢᠭᠡᠷ ᠠᠪᠬᠤ ᠵᠢᠴᠢ ᠬᠢᠨᠠᠨ ᠬᠡᠮᠵᠢᠬᠦ ᠡᠭᠦᠷᠭᠡ ᠶᠢ ᠬᠠᠮᠵᠢᠨ ᠪᠡᠶᠡᠯᠡᠭᠦᠯᠬᠦ ᠶᠢ ᠬᠠᠷᠢᠭᠤᠴᠠᠨ᠎ᠠ ;ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠦᠯᠢᠭᠡᠷ ᠡᠳ᠋ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠬᠠᠷᠢᠭᠤᠴᠠᠬᠤ᠂ ᠬᠠᠮᠵᠢᠯᠴᠠᠬᠤ ᠠᠯᠪᠠᠨ ᠭᠡᠷ ᠤᠨ ᠠᠵᠢᠯ ᠢ ᠳᠡᠮᠵᠢᠨ᠎ᠡ᠃       7. ᠲᠤᠷᠰᠢᠯᠲᠠ ᠶᠢᠨ ᠲᠠᠰᠤᠭ ᠤᠨ ᠠᠵᠢᠯᠲᠠᠨ ᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠡᠯ᠎ᠡ ᠵᠦᠢᠯ ᠤᠨ ᠠᠭᠠᠷ ᠮᠠᠨᠳᠠᠯ ᠤᠨ ᠦᠯᠢᠭᠡᠷ ᠠᠪᠬᠤ ᠵᠢᠴᠢ ᠬᠢᠨᠠᠨ ᠬᠡᠮᠵᠢᠬᠦ ᠡᠭᠦᠷᠭᠡ ᠶᠢ ᠬᠠᠮᠵᠢᠨ ᠪᠡᠶᠡᠯᠡᠭᠦᠯᠬᠦ ᠶᠢ ᠬᠠᠷᠢᠭᠤᠴᠠᠨ᠎ᠠ ;ᠬᠢᠨᠠᠨ ᠬᠡᠮᠵᠢᠬᠦ ᠥᠷᠲᠡᠭᠡ ᠳᠠᠩᠰᠠ ᠬᠠᠷ᠎ᠠ ᠶᠢᠨ ᠠᠵᠢᠯ᠃        8. ᠡᠯᠡᠰᠦᠨ ᠰᠢᠭᠤᠷᠭ᠎ᠠ ᠶᠢ ᠬᠢᠨᠠᠨ ᠬᠡᠮᠵᠢᠬᠦ ᠥᠷᠲᠡᠭᠡ ᠶᠢᠨ ᠡᠳᠦᠷ ᠲᠤᠲᠤᠮ ᠤᠨ ᠬᠠᠮᠠᠭᠠᠯᠠᠯᠲᠠ ᠵᠢᠴᠢ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃       ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠡᠭᠦᠷᠭᠡ ᠬᠠᠷᠢᠭᠤᠴᠠᠯᠭ᠎ᠠ     1. ᠶᠡᠭᠡ ᠠᠩᠭᠢ ᠶᠢᠨ ᠳᠠᠷᠤᠭ᠎ᠠ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠵᠢᠯ ᠢ ᠬᠠᠷᠢᠭᠤᠴᠠᠬᠤ ᠶᠡᠷᠦᠩᠬᠡᠢ ᠪᠠᠶᠢᠷᠢᠯᠠᠭᠤᠯᠤᠯᠲᠠ ᠨᠢ ᠶᠡᠭᠡ ᠠᠩᠭᠢ ᠶᠢᠨ ᠡᠯ᠎ᠡ ᠳᠤᠭᠤᠶᠢᠯᠠᠩ᠂ ᠠᠯᠪᠠᠨ ᠭᠡᠷ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ ᠳᠤ ᠬᠠᠷᠢᠭᠤ ᠮᠡᠳᠡᠭᠦᠯᠵᠦ᠂ ᠬᠤᠪᠢᠶᠠᠷᠢ ᠲᠣᠪᠴᠢᠶ᠎ᠠ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠦᠨ᠎ᠡ᠃       2. ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠥᠷᠲᠡᠭᠡ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠮᠲᠤᠷᠠᠨ ᠬᠥᠳᠡᠯᠦᠯᠴᠡᠬᠦ ᠶᠢ ᠬᠠᠷᠢᠭᠤᠴᠠᠨ᠎ᠠ᠃       3. ᠠᠯᠪᠠᠨ ᠭᠡᠷ ᠨᠢ ᠬᠠᠷᠢᠭᠤ ᠮᠡᠳᠡᠭᠦᠯᠬᠦ᠂ ᠳᠡᠭᠡᠭᠰᠢ ᠮᠡᠳᠡᠭᠦᠯᠬᠦ ᠮᠠᠲ᠋ᠧᠷᠢᠶᠠᠯ᠂ ᠬᠦᠯᠢᠶᠡᠨ ᠠᠪᠬᠤ ᠰᠠᠯᠪᠤᠷᠢ ᠠᠩᠭᠢ ᠶᠢᠨ ᠲᠤᠰᠢᠶᠠᠨ ᠭᠦᠢᠴᠡᠳᠬᠡᠯᠭᠡᠬᠦ ᠡᠭᠦᠷᠭᠡ᠂ ᠳᠠᠩᠰᠠ ᠡᠪᠬᠡᠮᠡᠯ ᠢ ᠡᠮᠬᠢᠳᠬᠡᠬᠦ᠂ ᠳᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠳᠦᠷ ᠳᠣᠳᠣᠮ ᠤᠨ ᠬᠢᠨᠠᠯᠲᠠ ᠬᠠᠮᠢᠶᠠᠷᠤᠯᠲᠠ ᠵᠡᠷᠭᠡ ᠪᠤᠰᠤᠳ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃       4. ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠣᠷᠴᠢᠨ ᠲᠣᠭᠤᠷᠢᠨ ᠤ ᠬᠠᠤᠯᠢ  ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠶᠡᠭᠡ ᠠᠩᠭᠢ ᠳᠤ ᠮᠡᠳᠡᠭᠦᠯᠬᠦ ᠬᠡᠷᠡᠭᠲᠡᠢ᠃       5 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠮᠢᠶᠠᠷᠬᠤ ᠠᠵᠢᠯ ᠢ ᠬᠠᠷᠢᠭᠤᠴᠠᠨ᠎ᠠ ;ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠰᠢᠢᠳᠪᠦᠷᠢᠯᠡᠬᠦ ᠵᠢᠴᠢ ᠬᠠᠷᠢᠭᠤᠯᠲᠠ ᠥᠭᠬᠦ ᠲᠤᠬᠠᠢ ᠶᠢᠨ ᠲᠠᠯᠠᠪᠠᠢ ᠳᠤ ᠪᠠᠶᠢᠴᠠᠭᠠᠯᠲᠠ ᠬᠢᠬᠦ ᠪᠠ ᠮᠠᠲ᠋ᠧᠷᠢᠶᠠᠯ ᠴᠤᠭᠯᠠᠭᠤᠯᠬᠤ ᠵᠡᠷᠭᠡ ᠪᠣᠯᠤᠨ᠎ᠠ᠃        ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠡᠳ᠋ ᠤᠨ ᠶᠠᠪᠤᠳᠠᠯ ᠤᠨ ᠰᠠᠯᠠᠭᠠᠨ ᠤ ᠲᠤᠰᠢᠶᠠᠯ ᠬᠠᠷᠢᠭᠤᠴᠠᠯᠭ᠎ᠠ       ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠳᠣᠲᠣᠷᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠬᠢᠨᠠᠯᠲᠠ ᠲᠠᠯᠪᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠵᠢᠴᠢ ᠲᠥᠬᠦᠭᠡᠷᠦᠮᠵᠢ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠠᠯᠪᠠᠯᠠᠬᠤ ᠬᠠᠶᠢᠭ ᠄ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠰᠢᠨ᠎ᠡ ᠲᠣᠭᠤᠷᠢᠭ ᠠᠵᠢᠯᠯᠠᠬᠤ ᠴᠠᠭ᠄ ᠠᠵᠢᠯᠯᠠᠬᠤ ᠡᠳᠦᠷ 9᠄ 00 — 12᠄ 0014᠄ 30 — 18᠄ 00 ᠬᠠᠷᠢᠯᠴᠠᠬᠤ ᠠᠷᠭ᠎ᠠ ᠮᠠᠶ᠋ᠢᠭ᠄ 0474 —5212792 ᠬᠠᠷᠢᠭᠤᠴᠠᠯᠭᠠᠲᠠᠨ᠄ ᠵᠠᠩ ᠰᠢ ᠶᠢᠨᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2