ᠳᠥᠷᠪᠡᠳ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠠᠵᠢᠯᠲᠠᠨ ᠤ ᠶᠠᠪᠤᠳᠠᠯ ᠤᠨ | ᠲᠣᠪᠴᠢᠶ᠎ᠠ | | | ᠳᠥᠷᠪᠡᠳ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠠᠵᠢᠯᠲᠠᠨ ᠤ ᠶᠠᠪᠤᠳᠠᠯ ᠤᠨ | ᠲᠣᠪᠴᠢᠶ᠎ᠠ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠵᠢᠩᠬᠢᠨᠢ | ᠰᠠᠯᠠᠭᠠᠨ ᠳᠡᠰ᠂ ᠳᠥᠷᠪᠡᠳ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠶᠠᠪᠤᠳᠠᠯ ᠤᠨ | ᠲᠣᠪᠴᠢᠶ᠎ᠠ ᠶᠢᠨ ᠫᠠᠶᠢᠰᠠ ᠨᠡᠮᠡᠵᠦ ᠡᠯᠭᠦᠪᠡ᠂ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠠᠯᠪᠠᠨ᠋ᠠ᠋ᠴᠠ | ᠪᠠᠭᠤᠭᠰᠠᠨ ᠴᠡᠷᠢᠭ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ | ᠴᠡᠷᠢᠭ ᠤᠨ ᠶᠠᠪᠤᠳᠠᠯ ᠤᠨ ᠲᠣᠪᠴᠢᠶ᠎ᠠ ᠳᠤ ᠲᠣᠬᠢᠷᠠᠭᠤᠯᠪᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | ( ᠨᠢᠭᠡ ) ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ | ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠶᠢᠨ ᠪᠠᠲᠤᠯᠠᠭ᠎ᠠ ᠪᠠ ᠲᠥᠪᠬᠢᠨᠡᠭᠦᠯᠬᠦ ᠠᠰᠠᠷᠠᠨ ᠬᠠᠷᠠᠭᠠᠯᠵᠠᠬᠤ | ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠥᠷᠪᠡᠳ | ᠬᠤᠰᠢᠭᠤᠨ ᠤ ᠲᠤᠤᠱᠯᠠᠭᠤᠯᠬᠤ ᠰᠠᠨᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ᠂ ᠤᠯᠤᠰ ᠪᠣᠯᠤᠨ ᠠᠷᠠᠳ ᠲᠦᠮᠡᠨ ᠤ ᠲᠥᠯᠥᠭᠡ ᠦᠷᠡᠭᠳᠡᠯ | ᠭᠠᠷᠭᠠᠬᠤ ᠣᠶᠤᠨ ᠰᠠᠨᠠᠭᠠᠨ ᠤ ᠬᠡᠪ ᠰᠤᠷᠲᠠᠯ ᠪᠣᠯᠤᠨ ᠥᠷᠲᠡᠭ ᠤᠨ ᠤᠳᠤᠷᠢᠳᠤᠮᠵᠢ ᠶᠢ ᠰᠠᠶᠢᠰᠢᠶᠠᠨ ᠬᠥᠬᠢᠭᠦᠯᠦᠨ᠎ᠡ | ᠃ | ( ᠬᠤᠶᠠᠷ ) ᠬᠤᠰᠢᠭᠤᠨ ᠤ ᠲᠤᠰ ᠱᠠᠲᠤᠨ ᠤ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯᠠ᠋ᠴᠠ ᠪᠠᠨ | ᠠᠮᠠᠷᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠥᠬᠡᠢ ᠠᠵᠢᠯᠠ᠋ᠴᠠ | ᠪᠠᠨ ᠠᠮᠠᠷᠠᠭᠰᠠᠨ᠂ ᠠᠵᠢᠯ ᠠᠴᠠ ᠪᠠᠨ ᠪᠠᠭᠤᠭᠰᠠᠨ ᠠᠵᠢᠯᠲᠠᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ | ᠠᠵᠢᠯ᠂ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠭᠡ | ᠬᠠᠩᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ( ᠭᠤᠷᠪᠠ ) ᠴᠡᠷᠢᠭ ᠤᠨ ᠠᠯᠪᠠᠨ᠋ᠠ᠋ᠴᠠ ᠪᠠᠭᠤᠭᠰᠠᠳ ᠢ ᠵᠣᠬᠢᠶᠠᠨ ᠪᠠᠶᠢᠭᠤᠯᠤᠨ ᠵᠢᠯᠣᠭᠤᠳᠬᠤ ᠠᠵᠢᠯ ᠨᠢ | ᠴᠡᠷᠢᠭ ᠤᠨ ᠠᠯᠪᠠᠨ᠋ᠠ᠋ᠴᠠ ᠪᠠᠭᠤᠭᠰᠠᠳ ᠪᠣᠯᠤᠨ ᠴᠡᠷᠢᠭ ᠢ ᠳᠠᠭᠠᠵᠤ ᠰᠢᠯᠵᠢᠵᠦ ᠢᠷᠡᠭᠰᠡᠨ ᠭᠡᠷ ᠪᠦᠯᠢ ᠶᠢᠨ ᠬᠢᠨ ᠤ | ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃ | ( ᠳᠥᠷᠪᠡ ) ᠤᠯᠠᠭᠠᠨᠴᠠᠪ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠣᠨᠴᠣᠭᠤᠢ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠳᠥᠷᠪᠡᠳ ᠬᠤᠰᠢᠭᠤᠨ ᠤ ᠲᠤᠤᠱᠯᠠᠭᠤᠯᠬᠤ ᠰᠠᠨᠠᠯ ᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ( ᠲᠠᠪᠤ ) ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯᠠ᠋ᠴᠠ ᠪᠠᠨ ᠠᠮᠠᠷᠠᠭᠰᠠᠨ ᠴᠡᠷᠢᠭ ᠤᠨ | ᠬᠥᠮᠦᠨ᠂ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠳ ᠪᠠ ᠴᠡᠷᠢᠭ ᠤᠨ ᠬᠠᠷᠢᠶ᠎ᠠ ᠥᠬᠡᠢ | ᠠᠵᠢᠯ ᠠᠴᠠ ᠪᠠᠨ ᠠᠮᠠᠷᠠᠭᠰᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ | ᠠᠵᠢᠯ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ | ᠵᠡᠷᠭᠡ ᠣᠯᠭᠤᠮᠵᠢ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃ | ( ᠵᠢᠷᠭᠤᠭ᠎ᠠ ) ᠰᠢᠷᠬᠠᠲᠠᠢ ᠡᠪᠡᠳᠴᠢᠨ ᠲᠠᠢ ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡᠨ ᠤ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ | ᠠᠯᠪᠠᠨ ᠠᠴᠠ ᠪᠠᠭᠤᠭᠰᠠᠳ ᠤᠨ ᠡᠮᠨᠡᠬᠦ᠂ ᠡᠮᠨᠡᠨ ᠰᠤᠪᠢᠯᠠᠬᠤ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ | ᠲᠥᠯᠥᠪᠵᠢᠭᠦᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠦᠷᠭᠦᠯᠵᠢᠯᠡᠨ | ᠠᠯᠪᠠ ᠬᠠᠭᠠᠬᠤ ᠳᠤ ᠲᠣᠬᠢᠷᠠᠬᠤ ᠦᠭᠡᠢ ᠰᠢᠷᠬᠠᠲᠤᠵᠤ᠂ ᠵᠡᠮᠳᠡᠭ ᠪᠣᠯᠤᠭᠰᠠᠨ ᠴᠡᠷᠢᠭ ᠤᠨ ᠬᠥᠮᠦᠨ ᠤ ᠬᠤᠯᠪᠣᠭᠳᠠᠯ | ᠪᠦᠬᠦᠢ ᠠᠵᠢᠯ ᠢ ᠡᠭᠦᠷᠭᠡᠯᠡᠨ᠎ᠡ᠃ | ( ᠳᠣᠯᠤᠭ᠎ᠠ ) ᠪᠦᠬᠦ ᠬᠤᠰᠢᠭᠤᠨ ᠤ ᠴᠡᠷᠢᠭ ᠢᠶᠠᠨ ᠬᠦᠷᠢᠶᠡᠯᠡᠵᠦ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠣᠳᠣ ᠶᠢᠨ ᠠᠯᠪᠠᠨ ᠤ ᠴᠡᠷᠢᠭ ᠤᠨ ᠬᠥᠮᠦᠨ᠂ ᠴᠡᠷᠢᠭ ᠠᠴᠠ | ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ | ᠠᠰᠠᠷᠠᠬᠤ ᠵᠡᠷᠭᠡ ᠠᠵᠢᠯ ᠢ ᠬᠠᠷᠢᠭᠤᠴᠠᠨ᠎ᠠ᠃ | ( ᠨᠠᠢᠮᠠ ) ᠦᠷᠡᠭᠳᠡᠭᠰᠡᠨ ᠪᠠᠭᠠᠲᠤᠷ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠢᠷᠠᠭᠤ | ᠠᠯᠳᠠᠷ ᠤᠨ ᠱᠠᠩᠨᠠᠯ᠂ ᠴᠡᠷᠢᠭ ᠤᠨ ᠬᠥᠮᠦᠨ ᠤ ᠨᠡᠶᠢᠲᠡ ᠶᠢᠨ ᠣᠩᠭᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ | ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠪᠠᠭᠠᠲᠤᠷ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ | ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠪᠦᠬᠦ ᠤᠯᠤᠰ᠂ ᠪᠦᠬᠦ ᠣᠷᠣᠨ᠂ ᠪᠦᠬᠦ ᠬᠤᠲᠠ᠂ ᠪᠦᠬᠦ | ᠬᠤᠰᠢᠭᠤᠨ ᠤ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠡ ᠳᠤ ᠣᠷᠣᠭᠤᠯᠬᠤ ᠪᠠᠷ ᠪᠠᠶᠢᠭ᠎ᠠ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠵᠦᠢᠯᠡᠰ ᠤᠨ ᠨᠡᠷᠡᠰ ᠤᠨ ᠵᠢᠭᠰᠡᠭᠠᠯᠲᠠ ᠶᠢ ᠬᠢᠨᠠᠨ | ᠬᠠᠷᠭᠤᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ ᠤᠨ | ᠠᠵᠢᠯᠯᠠᠬᠤ ᠨᠢᠭᠡᠴᠡ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦ᠋ᠩᠨᠡᠨ | ᠰᠠᠶᠢᠰᠢᠶᠠᠬᠤ ᠪᠠ ᠤᠬᠠᠭᠤᠯᠬᠤ ᠬᠡᠷᠡᠭᠲᠡᠢ᠃ | ( ᠶᠢᠰᠤ ) ᠴᠡᠷᠢᠭ ᠤᠨ ᠠᠯᠪᠠᠨ᠋ᠠ᠋ᠴᠠ ᠪᠠᠭᠤᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠤᠨ | ᠬᠢᠨᠠᠯᠲᠠ ᠲᠠᠯᠪᠢᠵᠤ᠂ ᠴᠡᠷᠢᠭ ᠤᠨ ᠠᠯᠪᠠᠨ᠋ᠠ᠋ᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ | ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | (ᠠᠷᠪᠠ ) ᠲᠤᠰ ᠰᠠᠯᠠᠭ᠎ᠠ ᠮᠥᠴᠢᠷ ᠤᠨ ᠢᠶᠠᠨ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠯ ᠬᠢᠬᠦ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ( ᠠᠷᠪᠠᠨ ᠨᠢᠭᠡ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ( ᠠᠷᠪᠠᠨ ᠬᠤᠶᠠᠷ ) ᠡᠭᠦᠷᠬᠡ ᠴᠢᠳᠠᠪᠤᠷᠢ ᠶᠢ ᠬᠤᠪᠢᠷᠠᠭᠤᠯᠬᠤ᠃ ᠴᠢᠩᠭᠠᠳᠬᠠᠬᠤ ᠡᠭᠦᠷᠭᠡ | ᠬᠠᠷᠢᠭᠤᠴᠠᠯᠭ᠎ᠠ᠄ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠬᠥᠮᠦᠨ ᠤ ᠶᠠᠪᠤᠳᠠᠯ ᠤᠨ ᠲᠣᠪᠴᠢᠶ᠎ᠠ ᠨᠢ | ᠴᠡᠷᠢᠭ ᠤᠨ ᠠᠯᠪᠠᠨ ᠠᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠢᠯᠡᠴᠢᠯᠡᠭᠡᠨ ᠤ | ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠡᠭᠦᠷᠭᠡ | ᠬᠠᠷᠢᠭᠤᠴᠠᠯᠭ᠎ᠠ ᠨᠢ ᠲᠣᠳᠣᠷᠬᠠᠢ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶᠠᠷᠤᠯᠲᠠ ᠶᠢᠨ ᠪᠠᠲᠤᠯᠠᠭ᠎ᠠ ᠶᠢᠨ | ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠤᠨ ᠴᠡᠷᠢᠭ ᠬᠥᠮᠦᠨ | ᠴᠡᠷᠢᠭ ᠤᠨ ᠭᠡᠷ ᠪᠦᠯᠢ ᠳᠤ ᠨᠡᠩ ᠰᠠᠶᠢᠲᠤᠷ ᠦᠢᠯᠡᠴᠢᠯᠡᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠬᠥᠮᠦᠨ ᠢ ᠪᠦᠬᠦ ᠨᠡᠶᠢᠭᠡᠮ ᠤᠨ ᠬᠦᠨᠳᠦᠳᠬᠡᠨ ᠪᠢᠰᠢᠷᠡᠳᠡᠭ | ᠠᠵᠢᠯ ᠮᠡᠷᠭᠡᠵᠢᠯ ᠪᠣᠯᠭᠠᠵᠤ᠂ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠬᠥᠮᠦᠨ ᠤ ᠨᠠᠮ᠂ ᠤᠯᠤᠰ | ᠣᠷᠣᠨ ᠪᠠ ᠠᠷᠠᠳ ᠲᠦᠮᠡᠨ ᠤ ᠦᠷᠡᠭᠳᠡᠯ ᠲᠥᠯᠥᠭᠡ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠬᠡᠪ | ᠰᠤᠷᠲᠠᠯ ᠪᠠ ᠥᠷᠲᠡᠭ ᠤᠨ ᠤᠳᠤᠷᠢᠳᠤᠮᠵᠢ ᠶᠢ ᠰᠠᠶᠢᠰᠢᠶᠠᠨ ᠬᠥᠬᠢᠭᠦᠯᠵᠦ᠂ ᠴᠡᠷᠢᠭ ᠠᠩᠭᠢ ᠶᠢᠨ ᠳᠠᠶᠢᠴᠢᠨ | ᠬᠦᠴᠦᠨ ᠪᠠ ᠨᠢᠭᠲᠡᠷᠠᠯ ᠤᠨ ᠬᠦᠴᠦᠨ ᠢ ᠴᠢᠩᠭᠠᠷᠠᠭᠤᠯᠬᠤ ᠶᠢᠨ ᠲᠥᠯᠥᠭᠡ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢ ᠨᠡᠩ ᠰᠠᠶᠢᠲᠤᠷ ᠬᠢᠬᠦ ᠬᠡᠷᠡᠭᠲᠡᠢ᠃ | ᠬᠤᠶᠠᠷ᠂ ᠳᠣᠲᠣᠭᠠᠳᠤ ᠪᠠᠶᠢᠭᠤᠯᠤᠮᠵᠢ | | ( ᠨᠢᠭᠡ ) ᠠᠯᠪᠠᠨ ᠭᠡᠷ᠃ᠬᠠᠷᠢᠯᠴᠠᠬᠤ ᠤᠲᠠᠰᠤ᠄ 0474 - 5216702᠃ᠴᠡᠷᠢᠭ ᠤᠨ ᠠᠯᠪᠠᠨ᠋ᠠ᠋ᠴᠠ | ᠪᠠᠭᠤᠭᠰᠠᠳ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠪᠣᠯᠤᠨ | ᠴᠡᠷᠢᠭ ᠤᠨ ᠠᠯᠪᠠᠨ᠋ᠠ᠋ᠴᠠ ᠪᠠᠭᠤᠭᠰᠠᠳ ᠤᠨ ᠬᠠᠮᠢᠶᠠᠷᠤᠯᠲᠠ ᠶᠢᠨ ᠪᠠᠲᠤᠯᠠᠭ᠎ᠠ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠴᠡᠷᠢᠭ ᠤᠨ ᠠᠯᠪᠠᠨ᠋ᠠ᠋ᠴᠠ ᠪᠠᠭᠤᠭᠰᠠᠳ ᠤᠨ ᠠᠵᠢᠯ | ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠺᠠᠳ᠋ᠷ ᠠᠵᠢᠯᠲᠠᠨ ᠤ | ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠪᠠᠶᠢᠭᠤᠯᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ | ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ᠂ ᠲᠤᠭ᠎ᠠ ᠪᠦᠷᠢᠳᠬᠡᠯ ᠪᠠ ᠴᠡᠷᠢᠭ ᠤᠨ ᠠᠯᠪᠠᠨ᠋ᠠ᠋ᠴᠠ | ᠪᠠᠭᠤᠭᠰᠠᠳ ᠤᠨ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ | ᠃ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠤ ᠠᠵᠢᠯ᠂ ᠵᠠᠬᠢᠳᠠᠯ ᠰᠤᠷᠪᠤᠯᠵᠢᠯᠠᠯ ᠤᠨ ᠠᠵᠢᠯ ᠢ | ᠬᠠᠷᠢᠭᠤᠴᠠᠨ᠎ᠠ᠃ | ( ᠬᠤᠶᠠᠷ ) ᠦᠵᠡᠯ ᠰᠠᠨᠠᠭ᠎ᠠ ᠤᠯᠤᠰ ᠲᠥᠷᠥ᠂ ᠡᠷᠬᠡ ᠠᠰᠢᠭ ᠢ ᠬᠠᠮᠠᠭᠠᠯᠠᠬᠤ ᠪᠠ ᠠᠵᠢᠯ ᠣᠯᠭᠤᠵᠤ | ᠠᠳᠠᠯ ᠦᠢᠯᠡᠰ ᠴᠣᠭᠴᠠᠯᠠᠬᠤ ᠠᠯᠪᠠᠨ ᠭᠡᠷ᠃ᠬᠠᠷᠢᠯᠴᠠᠬᠤ ᠤᠲᠠᠰᠤ᠄ 0474 - 5216760᠃ᠴᠡᠷᠢᠭ ᠤᠨ | ᠠᠯᠪᠠᠨ᠋ᠠ᠋ᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ | ᠳ᠋ᠦ᠋ᠩᠨᠡᠯᠲᠡ ᠬᠢᠵᠦ ᠬᠥᠬᠢᠭᠦᠯᠦᠨ ᠰᠠᠶᠢᠰᠢᠶᠠᠬᠤ᠂ ᠢᠷᠠᠭᠤ ᠠᠯᠳᠠᠷᠲᠠᠢ ᠪᠠᠷ ᠱᠠᠩᠨᠠᠨ ᠬᠥᠬᠢᠭᠦᠯᠬᠦ ᠠᠵᠢᠯ ᠢ | ᠡᠭᠦᠷᠭᠡᠯᠡᠨ᠂ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ | ᠠᠵᠢᠯ ᠲᠠᠢ ᠰᠠᠶᠢᠲᠤᠷ ᠬᠠᠮᠵᠢᠯᠴᠠᠨ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ | ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠬᠦ ᠪᠠ ᠲᠤᠰᠠᠯᠠᠬᠤ ᠠᠵᠢᠯ ᠢ ᠡᠭᠦᠷᠭᠡᠯᠡᠵᠦ᠂ | ᠪᠦᠬᠦ ᠬᠤᠰᠢᠭᠤᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠴᠡᠷᠢᠭ ᠠᠩᠭᠢ ᠶᠢᠨ ᠠᠵᠢᠯ ᠰᠢᠯᠵᠢᠭᠰᠡᠨ ᠺᠠᠳ᠋ᠷ᠂ | ᠴᠡᠷᠢᠭ ᠠᠴᠠ ᠬᠠᠯᠠᠭᠳᠠᠭᠰᠠᠨ ᠺᠠᠳ᠋ᠷ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠᠨ ᠠᠴᠠ | ᠪᠠᠭᠤᠭᠰᠠᠨ ᠪᠠᠶᠢᠯᠳᠤᠭᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠣᠨ ᠤ ᠲᠥᠯᠥᠪᠯᠡᠭᠡ ᠶᠢ | ᠲᠤᠭᠤᠷᠪᠢᠬᠤ ᠪᠠ ᠬᠡᠷᠡᠭᠵᠢᠭᠦᠯᠬᠦ ᠵᠡᠷᠭᠡ ᠡᠭᠦᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠣᠯᠬᠤ ᠠᠳᠠᠯ | ᠦᠢᠯᠡᠰ ᠴᠣᠭᠴᠠᠯᠠᠬᠤ ᠶᠢ ᠠᠬᠢᠭᠤᠯᠬᠤ ᠪᠠ ᠬᠥᠮᠦᠵᠢᠯ ᠪᠣᠯᠪᠠᠰᠤᠷᠠᠯ ᠵᠡᠷᠭᠡ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ᠬᠤᠯᠪᠣᠭᠳᠠᠯ ᠪᠦᠬᠦᠢ ᠵᠠᠭᠤᠴᠢ ᠦᠢᠯᠡᠴᠢᠯᠡᠭᠡᠨ ᠤ ᠠᠵᠢᠯ ᠢ ᠵᠢᠯᠣᠭᠤᠳᠤᠨ ᠥᠷᠨᠢᠭᠦᠯᠵᠦ᠂ | ᠴᠡᠷᠢᠭ ᠤᠨ ᠠᠯᠪᠠᠨ ᠠᠴᠠ ᠪᠠᠭᠤᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢ ᠪᠠᠲᠤᠯᠠᠬᠤ ᠠᠵᠢᠯ ᠢ | ᠵᠣᠬᠢᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ( ᠭᠤᠷᠪᠠ ) ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠯᠪᠠᠨ ᠭᠡᠷ᠃ᠬᠠᠷᠢᠯᠴᠠᠬᠤ ᠤᠲᠠᠰᠤ᠄ 0474 | - 5216703᠃ᠬᠤᠰᠢᠭᠤ ᠲᠤᠰ ᠱᠠᠲᠤᠨ ᠤ ᠲᠥᠯᠥᠪᠯᠡᠭᠡ ᠳᠤ ᠬᠤᠪᠢᠶᠠᠷᠢᠯᠠᠭᠰᠠᠨ ᠴᠡᠷᠢᠭ ᠠᠴᠠ ᠠᠵᠢᠯ | ᠰᠢᠯᠵᠢᠭᠰᠡᠨ ᠺᠠᠳ᠋ᠷ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢᠳ ᠢ ᠣᠨ ᠤ ᠲᠥᠪᠬᠢᠨᠡᠭᠦᠯᠬᠦ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠣᠷᠠᠭᠤᠯᠤᠯ ᠢ | ᠡᠭᠦᠷᠭᠡᠯᠡᠨ᠂ ᠬᠤᠰᠢᠭᠤ ᠰᠢᠶᠠᠩ ᠬᠤᠲᠠ ᠲᠣᠭᠤᠷᠢᠭ ᠢ ᠰᠢᠮᠳᠠᠭᠤᠯᠤᠨ ᠵᠢᠯᠣᠭᠤᠳᠴᠤ ᠪᠠᠶᠢᠭᠠᠳ ᠣᠨ ᠤ ᠠᠵᠢᠯ ᠤᠨ | ᠡᠭᠦᠷᠭᠡ ᠶᠢ ᠪᠡᠶᠡᠯᠡᠭᠦᠯᠬᠦ ᠬᠡᠷᠡᠭᠲᠡᠢ᠃ᠣᠷᠣᠨ ᠨᠤᠲᠤᠭ ᠲᠤ ᠰᠢᠯᠵᠢᠭᠦᠯᠦᠨ ᠲᠤᠰᠢᠶᠠᠬᠤ ᠴᠡᠷᠢᠭ ᠠᠩᠭᠢ ᠶᠢᠨ ᠠᠵᠢᠯ | ᠠᠴᠠ ᠠᠮᠠᠷᠠᠭᠰᠠᠨ ᠪᠠᠭᠤᠭᠰᠠᠨ ᠺᠠᠳ᠋ᠷ᠂ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠠᠮᠠᠷᠠᠭᠰᠠᠨ ᠪᠠᠭᠤᠭᠰᠠᠨ | ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠲᠡᠳᠡᠨ ᠳᠤ ᠦᠢᠯᠡᠴᠢᠯᠡᠬᠦ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠬᠤ ᠠᠵᠢᠯ ᠠᠴᠠ | ᠠᠮᠠᠷᠠᠭᠰᠠᠨ ᠪᠠᠭᠤᠭᠰᠠᠨ ᠴᠡᠷᠢᠭ ᠬᠥᠮᠦᠨ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠᠨ ᠠᠴᠠ | ᠪᠠᠭᠤᠭᠰᠠᠳ ᠪᠣᠯᠤᠨ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ | ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ᠬᠤᠰᠢᠭᠤ ᠲᠤᠰ ᠱᠠᠲᠤᠨ ᠤ ᠴᠡᠷᠢᠭ ᠤᠨ ᠠᠮᠠᠷᠠᠯᠲᠠ ᠪᠠ ᠪᠠᠲᠤᠯᠠᠭ᠎ᠠ ᠶᠢᠨ | ᠨᠢᠭᠡᠴᠡ ᠶᠢ ᠬᠠᠮᠢᠶᠠᠷᠴᠤ᠂ ᠣᠷᠣᠨ ᠨᠤᠲᠤᠭ ᠤᠨ ᠴᠡᠷᠢᠭ ᠤᠨ ᠠᠮᠠᠷᠠᠯᠲᠠ ᠪᠠ ᠪᠠᠲᠤᠯᠠᠭ᠎ᠠ ᠶᠢᠨ ᠠᠵᠢᠯ ᠢ | ᠵᠢᠯᠣᠭᠤᠳᠤᠨ᠎ᠠ᠃ | ( ᠳᠥᠷᠪᠡ ) ᠠᠰᠠᠷᠠᠨ ᠬᠠᠷᠠᠭᠠᠯᠵᠠᠬᠤ ᠬᠠᠮᠢᠶᠠᠷᠤᠯᠲᠠ ᠶᠢᠨ ᠠᠯᠪᠠᠨ ᠭᠡᠷ᠃ᠬᠠᠷᠢᠯᠴᠠᠬᠤ ᠤᠲᠠᠰᠤ᠄ | 0474 - 5216702᠃ᠪᠦᠬᠦ ᠬᠤᠰᠢᠭᠤᠨ ᠤ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ | ᠬᠠᠷᠠᠭᠠᠯᠵᠠᠬᠤ᠂ ᠠᠰᠠᠷᠠᠮᠵᠢ ᠣᠯᠭᠤᠬᠤ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠵᠢᠯ ᠢ ᠵᠣᠬᠢᠴᠠᠭᠤᠯᠤᠨ | ᠵᠢᠯᠣᠭᠤᠳᠤᠨ ᠨᠠᠶᠢᠳᠠᠪᠤᠷᠢᠵᠢᠭᠤᠯᠵᠤ᠃ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠢ ᠰᠢᠷᠬᠠᠲᠤᠵᠤ᠂ | ᠵᠡᠮᠳᠡᠭ ᠪᠣᠯᠤᠭᠰᠠᠨ ᠴᠡᠷᠢᠭ ᠤᠨ ᠬᠥᠮᠦᠨ ᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ᠴᠡᠷᠢᠭ ᠤᠨ | ᠠᠯᠪᠠᠨ᠋ᠠ᠋ᠴᠠ ᠪᠠᠭᠤᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ | ᠬᠤᠯᠪᠣᠭᠳᠠᠯ ᠪᠦᠬᠦᠢ ᠪᠠᠶᠢᠭᠤᠯᠤᠮᠵᠢ ᠶᠢ ᠵᠢᠯᠣᠭᠤᠳᠤᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ᠴᠡᠷᠢᠭ ᠠᠩᠭᠢ ᠶᠢ ᠳᠠᠭᠠᠵᠤ ᠠᠵᠢᠯ ᠣᠯᠤᠭᠰᠠᠨ ᠠᠳᠠᠯ ᠦᠢᠯᠡᠰ ᠴᠣᠭᠴᠠᠯᠠᠬᠤ ᠶᠢ | ᠵᠣᠬᠢᠴᠠᠭᠤᠯᠤᠨ ᠵᠢᠯᠣᠭᠤᠳᠤᠨ᠎ᠠ᠃ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ᠂ ᠳᠤᠷᠠᠰᠬᠠᠯ ᠤᠨ | ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠪᠣᠯᠤᠨ ᠦᠷᠡᠭᠳᠡᠭᠰᠡᠨ ᠪᠠᠭᠠᠲᠤᠷᠴᠤᠳ ᠤᠨ ᠬᠠᠮᠠᠭᠠᠯᠠᠯᠲᠠ ᠵᠡᠷᠭᠡ | ᠬᠠᠮᠢᠶ᠎ᠠ ᠪᠦᠬᠦᠢ ᠠᠵᠢᠯ ᠢ ᠡᠭᠦᠷᠭᠡᠯᠡᠨ ᠬᠠᠷᠢᠭᠤᠴᠠᠬᠤ ᠬᠡᠷᠡᠭᠲᠡᠢ᠃ᠴᠡᠷᠢᠭ ᠤᠨ ᠬᠥᠮᠦᠨ ᠤ ᠨᠡᠶᠢᠲᠡ ᠶᠢᠨ | ᠣᠩᠭᠤᠨ ᠤ ᠪᠠᠶᠢᠭᠤᠯᠤᠯᠲᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠠᠮᠢᠶᠠᠷᠤᠨ | ᠬᠠᠮᠠᠭᠠᠯᠠᠬᠤ ᠠᠵᠢᠯ ᠢ ᠵᠢᠯᠣᠭᠤᠳᠤᠨ ᠰᠠᠶᠢᠲᠤᠷ ᠬᠢᠵᠦ᠂ ᠪᠠᠭᠠᠲᠤᠷ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ | ᠠᠵᠢᠯᠯᠠᠭ᠎ᠠ ᠶᠢ ᠵᠢᠯᠣᠭᠤᠳᠤᠨ ᠥᠷᠨᠢᠭᠦᠯᠬᠦ ᠬᠡᠷᠡᠭᠲᠡᠢ᠃ | ᠭᠤᠷᠪᠠ᠂ ᠠᠵᠢᠯ ᠦᠢᠯᠡᠰ ᠤᠨ ᠨᠢᠭᠡᠴᠡ ᠳᠥᠷᠪᠡᠳ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ ᠭᠤᠣᠯ ᠡᠭᠦᠷᠭᠡ ᠬᠠᠷᠢᠭᠤᠴᠠᠯᠭ᠎ᠠ ᠨᠢ᠄ | ( ᠨᠢᠭᠡ ) ᠲᠣᠪᠴᠢᠶᠠᠨ ᠤ ᠪᠠᠶᠢᠭᠤᠯᠤᠯᠭ᠎ᠠ ᠶᠢ ᠬᠠᠪᠰᠤᠷᠤᠨ ᠴᠡᠷᠢᠭ ᠤᠨ ᠠᠯᠪᠠᠨ ᠠᠴᠠ ᠪᠠᠭᠤᠭᠰᠠᠳ ᠤᠨ | ᠵᠠᠰᠠᠭ ᠵᠠᠬᠢᠷᠭᠠᠨ ᠤ ᠬᠠᠷᠢᠴᠠᠭ᠎ᠠ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠬᠠᠩᠭᠠᠯᠭ᠎ᠠ ᠶᠢᠨ ᠬᠠᠷᠢᠴᠠᠭ᠎ᠠ ᠶᠢ | ᠰᠢᠯᠵᠢᠭᠦᠯᠦᠨ ᠬᠦᠯᠢᠶᠡᠨ ᠠᠪᠬᠤ ᠪᠠ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠰᠠᠶᠢᠲᠤᠷ | ᠬᠢᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠨᠡᠭᠦᠳᠡᠯ ᠨᠠᠮ ᠤᠨ ᠭᠡᠰᠢᠭᠦᠨ ᠢ ᠨᠠᠮ ᠤᠨ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠢ ᠰᠠᠶᠢᠲᠤᠷ ᠬᠢᠬᠦ | ᠬᠡᠷᠡᠭᠲᠡᠢ᠃ | ( ᠬᠤᠶᠠᠷ ) ᠲᠣᠪᠴᠢᠶᠠᠨ ᠤ ᠪᠠᠶᠢᠭᠤᠯᠤᠯᠭ᠎ᠠ ᠶᠢ ᠬᠠᠮᠵᠢᠨ ᠴᠡᠷᠢᠭ ᠤᠨ ᠠᠯᠪᠠᠨ ᠠᠴᠠ ᠪᠠᠭᠤᠭᠰᠠᠳ ᠤᠨ | ᠵᠠᠬᠢᠳᠠᠯ ᠰᠤᠷᠪᠤᠯᠵᠢᠯᠠᠯ᠂ ᠬᠦᠯᠢᠶᠡᠨ ᠠᠪᠴᠤ ᠰᠢᠢᠳᠪᠦᠷᠢᠯᠡᠬᠦ᠂ ᠰᠡᠳᠬᠢᠴᠡ ᠶᠢ ᠨᠢ ᠵᠢᠯᠣᠭᠤᠳᠬᠤ᠂ ᠡᠷᠬᠡ | ᠠᠰᠢᠭ ᠤᠨ ᠯᠠᠪᠯᠠᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠠᠤᠯᠢ ᠴᠠᠭᠠᠵᠠ ᠶᠢᠨ ᠦᠢᠯᠡᠴᠢᠯᠡᠭᠡᠨ ᠵᠢᠴᠢ | ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠤᠯᠪᠣᠭᠳᠠᠬᠤ ᠴᠤᠭᠯᠠᠭᠤᠯᠬᠤ᠂ | ᠬᠥᠲᠥᠯᠦᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠨ᠎ᠡ᠃ | ( ᠭᠤᠷᠪᠠ ) ᠲᠣᠪᠴᠢᠶᠠᠨ ᠤ ᠪᠠᠶᠢᠭᠤᠯᠤᠯᠭ᠎ᠠ ᠶᠢ ᠬᠠᠮᠵᠢᠨ ᠴᠡᠷᠢᠭ ᠤᠨ ᠭᠡᠷ ᠪᠦᠯᠢ᠂ ᠦᠷᠡᠭᠳᠡᠭᠰᠡᠨ | ᠪᠠᠭᠠᠲᠤᠷᠴᠤᠳ ᠤᠨ ᠭᠡᠷ ᠪᠦᠯᠢ᠂ ᠵᠡᠮᠳᠡᠭ ᠴᠡᠷᠢᠭ᠂ ᠡᠪᠡᠳᠴᠢᠨ ᠢᠶᠠᠨ ᠠᠪᠴᠤ ᠨᠤᠲᠤᠭ ᠲᠠᠭᠠᠨ ᠪᠤᠴᠠᠬᠤ | ᠴᠡᠷᠢᠭ ᠤᠨ ᠬᠥᠮᠦᠰ ᠲᠤ ᠦᠢᠯᠡᠴᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ( ᠳᠥᠷᠪᠡ ) ᠲᠣᠪᠴᠢᠶᠠᠨ ᠤ ᠪᠠᠶᠢᠭᠤᠯᠤᠯᠭ᠎ᠠ ᠶᠢ ᠬᠠᠮᠵᠢᠨ ᠴᠡᠷᠢᠭ ᠠᠴᠠ ᠬᠠᠯᠠᠭᠳᠠᠭᠰᠠᠳ ᠪᠣᠯᠤᠨ ᠪᠤᠰᠤᠳ | ᠬᠠᠷᠠᠭᠠᠯᠵᠠᠯ ᠤᠨ ᠡᠲᠡᠭᠡᠳ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠨ | ᠵᠠᠳᠠᠯᠬᠤ᠂ ᠮᠠᠲ᠋ᠧᠷᠢᠶᠠᠯ ᠤᠨ ᠬᠠᠮᠢᠶᠠᠷᠤᠯᠲᠠ ᠶᠢᠨ ᠳᠠᠩᠰᠠ ᠡᠪᠬᠡᠮᠡᠯ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠬᠦ | ᠬᠡᠷᠡᠭᠲᠡᠢ᠃ | ( ᠲᠠᠪᠤ ) ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡ ᠪᠠ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠬᠠᠩᠭᠠᠬᠤ ᠶᠢ ᠬᠠᠷᠢᠭᠤᠴᠠᠵᠤ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠭᠤᠯᠤᠯ ᠢ ᠬᠠᠪᠰᠤᠷᠤᠨ ᠥᠷᠨᠢᠭᠦᠯᠵᠦ᠂ | ᠥᠪᠡᠷᠲᠡᠭᠡᠨ ᠵᠠᠰᠠᠬᠤ ᠠᠵᠢᠯ ᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠢ ᠤᠷᠢᠬᠤ ᠴᠤᠭᠯᠠᠭᠠᠨ᠂ | ᠲᠠᠨᠢᠯᠴᠠᠭᠤᠯᠬᠤ ᠬᠤᠷᠠᠯ᠂ ᠠᠵᠢᠯ ᠣᠯᠭᠤᠬᠤ ᠥᠭᠦᠯᠡᠯ ᠤᠨ ᠲᠠᠪᠴᠠᠩ ᠵᠡᠷᠭᠡ ᠶᠢ ᠡᠷᠬᠢᠯᠡᠨ ᠭᠦᠢᠴᠡᠳᠬᠡᠵᠦ᠂ ᠠᠵᠢᠯ | ᠣᠯᠵᠤ ᠠᠳᠠᠯ ᠦᠢᠯᠡᠰ ᠴᠣᠭᠴᠠᠯᠠᠬᠤ᠂ ᠴᠡᠷᠢᠭ ᠠᠴᠠ ᠬᠦᠴᠢᠷᠳᠡᠯᠲᠡᠢ ᠴᠡᠷᠢᠭ ᠤᠨ ᠠᠯᠪᠠᠨ᠋ᠠ᠋ᠴᠠ ᠪᠠᠭᠤᠭᠰᠠᠳ ᠢ | ᠬᠠᠪᠰᠤᠷᠤᠨ ᠲᠡᠳᠬᠦᠵᠦ ᠲᠤᠰᠠᠯᠠᠬᠤ ᠲᠠᠪᠴᠠᠩ ᠢ ᠪᠠᠶᠢᠭᠤᠯᠬᠤ ᠬᠡᠷᠡᠭᠲᠡᠢ᠃ | ( ᠵᠢᠷᠭᠤᠭ᠎ᠠ ) ᠪᠦᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠮᠡᠳᠡᠭᠡ ᠵᠠᠩᠭᠢ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠬᠤ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃ | ( ᠳᠣᠯᠤᠭ᠎ᠠ ) ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠶᠠᠪᠤᠳᠠᠯ ᠤᠨ | ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠠᠵᠢᠯᠯᠠᠬᠤ ᠭᠠᠵᠠᠷ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠵᠧᠩ ᠪᠧᠢ ᠵᠠᠮ ᠠᠵᠢᠯᠯᠠᠬᠤ ᠴᠠᠭ | ᠄ 9᠄ 00—12᠄ 00 ;14 : 30 —18 : 00 ( ᠭᠠᠷᠠᠭ ᠤᠨ ᠨᠢᠭᠡᠨ ᠠᠴᠠ ᠭᠠᠷᠠᠭ ᠤᠨ ᠲᠠᠪᠤᠨ | ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠪᠠᠭᠲᠠᠬᠤ ᠥᠬᠡᠢ ) | ᠠᠯᠪᠠᠨ ᠤᠲᠠᠰᠤ᠄ 0474 —5216702᠃ | ᠰᠢᠤᠳᠠᠨ ᠤ ᠬᠠᠶᠢᠷᠴᠠᠭ᠄ szwtyjrswj@163. com | ᠰᠢᠤᠳᠠᠨ ᠨᠣᠮᠧᠷ᠄ 011800 | ᠬᠠᠷᠢᠭᠤᠴᠠᠯᠭᠠᠲᠠᠨ᠄ ᠭᠤᠣ ᠵᠢᠶᠦ᠋ᠨ ᠧᠧᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠯᠢᠦᠢ ᠴᠤᠤ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |